ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠤᠨ ᠨᠡᠷᠡᠰ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2023/7/19
  ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠬᠤᠳᠠᠯᠳᠤᠭ᠎ᠠ ᠦᠰᠦᠭ ﹇2022﹈ 838 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠭᠤᠤᠯ ᠴᠣᠭᠴᠠ ᠶᠢᠨ ᠰᠠᠶᠢᠨ ᠳᠤᠷ᠎ᠠ ᠠᠴᠠ ᠪᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ᠂ ᠨᠡᠶᠢᠭᠡᠮ ᠳᠤ ᠵᠠᠷᠯᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠤᠨ ᠰᠠᠭᠤᠷᠢᠨ ᠭᠠᠵᠠᠷ᠂ ᠠᠵᠤ ᠠᠬᠤᠶᠢᠯᠠᠯ ᠤᠨ ᠨᠡᠷᠡᠰ ︵ᠳᠠᠭᠠᠯᠳᠤᠭᠤᠯᠤᠯ ᠳᠤ ᠦᠵᠡ︶ ᠢ ᠲᠣᠭᠲᠠᠭᠠᠵᠤ᠂ ᠣᠲᠣ ᠨᠡᠷᠡᠰ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ᠄ 2023 ᠣᠨ ᠤ 7 ᠳ᠋ᠤᠭᠠᠷ ᠰᠠᠷ᠎ᠠ ᠶᠢᠨ 18 ᠤ ᠡᠳᠦᠷ ᠠᠴᠠ 24 ᠤ ᠡᠳᠦᠷ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠠᠯᠢᠪᠠ ᠨᠢᠭᠡᠴᠢ ᠪᠠ ᠬᠤᠪᠢ ᠬᠥᠮᠦᠨ ᠬᠡᠷᠪᠡ ᠣᠨᠳᠣᠤ ᠰᠠᠨᠠᠯ ᠲᠠᠢ ᠪᠣᠯ ᠰᠤᠷᠪᠤᠯᠵᠢᠯᠠᠯ᠂ ᠳ᠋ᠢᠶᠠᠩᠬᠤᠸᠠ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠵᠤ     ᠪᠣᠯᠤᠨ᠎ᠠ᠃ ᠪᠠᠶᠢᠳᠠᠯ ᠪᠣᠯᠤᠨ ᠠᠰᠠᠭᠤᠳᠠᠯ ᠢ ᠲᠤᠰᠬᠠᠬᠤ ᠳᠤ ᠦᠨᠡᠨ ᠠᠴᠠ ᠵᠥᠪ ᠢ ᠡᠷᠢᠵᠦ᠂ ᠪᠤᠰᠤᠳᠴᠢ ᠲᠥᠪ ᠭᠤᠣᠯᠴᠢ ᠪᠠᠶᠢᠬᠤ ᠬᠡᠷᠡᠭᠲᠡᠢ᠃  ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢᠨ ᠭᠠᠵᠠᠷ  ᠬᠠᠷᠢᠯᠴᠠᠬᠤ ᠤᠲᠠᠰᠤ᠄ 0471—6945850  ᠳᠠᠭᠠᠯᠳᠤᠭᠤᠯᠤᠯ᠄  1. ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ ᠤᠨ ᠨᠡᠷᠡᠰ  2. ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠠᠵᠤ ᠠᠬᠤᠶᠢᠯᠠᠯ ᠤᠨ ᠨᠡᠷᠡᠰ    2023 ᠣᠨ ᠤ 7 ᠳ᠋ᠤᠭᠠᠷ ᠰᠠᠷ᠎ᠠ ᠶᠢᠨ 18 ᠤ ᠡᠳᠦᠷ 
 
ᠢᠷᠡᠯᠲᠡ᠄ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号