ᠠᠵᠤ ᠠᠬᠤᠶᠢᠯᠠᠯ ᠢ ᠲᠠᠨᠢᠯᠴᠠᠭᠤᠯᠵᠤ ᠵᠢᠩ ᠳ᠋ᠦᠩ ᠳᠤᠮᠳᠠᠳᠤ ᠤᠯᠤᠰ ᠤᠨ ᠣᠷᠣᠨ ᠨᠤᠲᠤᠭ ᠤᠨ ᠣᠨᠴᠠ ᠭᠠᠷᠤᠯᠲᠠ ᠶᠢᠨ ᠣᠷᠳᠣᠨ ᠢ ᠡᠵᠡᠩᠨᠡᠭᠦᠯᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/7/28
  ︽︿ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021-2023 ᠣᠨ︶﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠪᠠ ᠲᠠᠪᠴᠠᠩ ᠤᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠷᠬᠡ ᠲᠡᠭᠰᠢ᠂ ᠢᠯᠡ ᠲᠣᠳᠣ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ᠂ ᠵᠢᠩ ᠳ᠋ᠦᠩ ᠳᠤᠮᠳᠠᠳᠤ ᠤᠯᠤᠰ ᠤᠨ ᠣᠷᠣᠨ ᠨᠤᠲᠤᠭ ᠤᠨ ᠣᠨᠴᠠ ᠭᠠᠷᠤᠯᠲᠠ ᠶᠢᠨ ᠣᠷᠳᠣᠨ ᠢ ᠡᠵᠡᠩᠨᠡᠬᠦ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠨᠡᠯᠡᠯᠲᠡ ᠳᠤ ᠣᠷᠣᠯᠴᠠᠬᠤ ᠬᠡᠷᠡᠭᠲᠡᠶ ᠭᠡᠵᠦ ᠣᠨᠴᠠᠭᠠᠶᠢᠯᠠᠨ ᠱᠠᠭᠠᠷᠳᠠᠪᠠ᠃ ᠬᠢᠷᠢ ᠬᠡᠮ ᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠢᠷᠡᠵᠦ ᠨᠡᠷ᠎ᠡ ᠪᠠᠨ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃  ᠨᠢᠭᠡ᠂ ᠠᠭᠤᠯᠭ᠎ᠠ ᠶᠢᠨ ᠲᠦᠢᠮᠤᠴᠢᠯᠠᠯ  ᠠᠵᠤ ᠠᠬᠤᠶᠢᠯᠠᠯ ᠤᠨ ᠪᠣᠳᠠᠲᠠᠶ ᠡᠵᠡᠩᠨᠡᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠣᠷᠣᠯᠴᠠᠬᠤ ᠠᠷᠭ᠎ᠠ ᠮᠠᠶ᠋ᠢᠭ ᠢᠶᠠᠷ ︽ᠠᠵᠤ ᠠᠬᠤᠶᠢᠯᠠᠯ ᠣᠷᠣᠯᠴᠠᠵᠤ᠂ ᠵᠠᠬ᠎ᠠ ᠳᠡᠯᠭᠡᠭᠦᠷᠴᠢᠯᠡᠨ ᠠᠵᠢᠯᠯᠠᠬᠤ︾ ᠵᠠᠷᠴᠢᠮ ᠶᠣᠰᠣᠭᠠᠷ᠂ ᠪᠣᠯᠪᠠᠰᠤᠷᠠᠩᠭᠤᠶ ᠪᠥᠭᠡᠳ ᠨᠠᠶᠢᠳᠠᠪᠤᠷᠢᠲᠠᠶ ᠠᠵᠤ ᠠᠬᠤᠶᠢᠯᠠᠯ ᠢ ᠲᠠᠨᠢᠯᠴᠠᠭᠤᠯᠤᠨ ᠵᠢᠩ ᠳ᠋ᠦᠩ ᠳᠤᠮᠳᠠᠳᠤ ᠤᠯᠤᠰ ᠤᠨ ᠣᠷᠣᠨ ᠨᠤᠲᠤᠭ ᠤᠨ ᠣᠨᠴᠠ ᠭᠠᠷᠤᠯᠲᠠ ᠶᠢᠨ ᠣᠷᠳᠣᠨ ᠤ ᠡᠵᠡᠩᠨᠡᠯᠲᠡ ᠶᠢᠨ ᠬᠤᠳᠠᠯᠳᠤᠭᠠᠴᠢᠨ ᠪᠣᠯᠭᠠᠨ ᠥᠪᠥᠷ ᠮᠣᠩᠭᠤᠯ ᠣᠷᠣᠨ ᠤ ᠡᠯ᠎ᠡ ᠲᠥᠷᠥᠯ ᠤᠨ ᠣᠨᠴᠠᠯᠢᠭᠲᠤ ᠪᠦᠲᠦᠭᠡᠭᠳᠡᠬᠦᠨ ᠢ ᠵᠢᠩ ᠳ᠋ᠦᠩ ᠲᠠᠪᠴᠠᠩ ᠳᠤ ᠪᠣᠷᠣᠯᠠᠭᠤᠯᠵᠤ ᠳᠡᠯᠭᠡᠷᠡᠭᠦᠯᠬᠦ ᠶᠢ ᠬᠠᠷᠢᠭᠤᠴᠠᠭᠤᠯᠤᠨ᠎ᠠ᠃  ᠬᠤᠶᠠᠷ᠂ ᠣᠷᠣᠯᠴᠠᠬᠤ ᠨᠥᠬᠦᠴᠡᠯ  ︵ᠨᠢᠭᠡ︶ ᠡᠯᠧᠺᠲᠷᠦᠨ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ ᠪᠠ ᠨᠥᠬᠦᠴᠡᠯ ᠲᠠᠢ ᠪᠠᠶᠢᠵᠤ᠂ ᠡᠯᠧᠺᠲᠷᠦᠨ ᠬᠤᠳᠠᠯᠳᠤᠭᠠᠨ ᠤ ᠳᠡᠯᠭᠡᠭᠦᠷ ᠢ ᠠᠮᠵᠢᠯᠲᠠ ᠲᠠᠢ ᠪᠠᠷ ᠠᠵᠢᠯᠯᠠᠭᠤᠯᠤᠭᠰᠠᠨ ᠲᠤᠷᠰᠢᠯᠭ᠎ᠠ ᠲᠠᠢ ᠪᠠᠶᠢᠬᠤ᠃  ︵ᠬᠤᠶᠠᠷ︶ ᠵᠢᠩ ᠳ᠋ᠦᠩ ᠲᠠᠪᠴᠠᠩ ᠤᠨ ᠳᠡᠯᠭᠡᠭᠦᠷ ᠡᠵᠡᠩᠨᠡᠯᠲᠡ ᠶᠢᠨ ᠬᠢᠷᠢ ᠭᠡᠮ ᠢ ᠬᠠᠤᠯᠢ ᠶᠣᠰᠣᠭᠠᠷ ᠲᠤᠰᠢᠶᠠᠬᠤ᠃  ︵ᠭᠤᠷᠪᠠ︶ ᠠᠵᠤ ᠠᠬᠤᠶᠢᠯᠠᠯ ᠦᠨᠡᠨᠴᠢ ᠢᠲᠡᠭᠡᠮᠵᠢᠲᠡᠶ ᠡᠵᠡᠩᠨᠡᠬᠦ ᠶᠢ ᠪᠠᠲᠤᠯᠠᠵᠤ᠂ ︽ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠬᠠᠤᠯᠢ︾᠂ ︽ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠲᠣᠭᠲᠠᠭᠠᠯ ᠢ ᠵᠢᠷᠤᠮᠯᠠᠨ᠎ᠠ᠃  ︵ᠲᠦᠷᠪᠡ︶ ᠲᠠᠨᠢᠯᠴᠠᠭᠤᠯᠭ᠎ᠠ ᠶᠢᠨ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ︽ᠬᠤᠶᠠᠷ ᠪᠦᠲᠦᠭᠡᠭᠳᠡᠬᠦᠨ ᠤ ᠰᠦᠯᠵᠢᠶ᠎ᠡ ᠪᠠᠷ ᠬᠤᠳᠠᠯᠳᠤᠨ ᠠᠪᠬᠤ ᠡᠳᠦᠷ︾᠂ ︽ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠡᠳᠦᠷ︾ ᠵᠢᠴᠢ ᠪᠤᠰᠤᠳ ᠡᠯᠧᠺᠲᠷᠦᠨ ᠬᠤᠳᠠᠯᠳᠤᠭᠠᠨ ᠤ ᠭᠤᠤᠯ ᠰᠡᠳᠦᠪᠲᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠳᠤ ᠣᠷᠣᠯᠴᠠᠨ᠎ᠠ᠃  ︵ᠲᠠᠪᠤ︶ ᠲᠠᠨᠢᠯᠴᠠᠭᠤᠯᠤᠭᠰᠠᠨ ᠠᠵᠤ ᠠᠬᠤᠶᠢᠯᠠᠯ ᠠᠴᠠ ᠡᠵᠡᠩᠨᠡᠯᠲᠡ ᠶᠢᠨ ᠰᠦᠢᠳᠬᠡᠯ ᠬᠤᠷᠢᠶᠠᠬᠤ ᠲᠥᠷᠥᠯ ᠵᠦᠢᠯ ᠳᠤ ᠵᠢᠩ ᠳ᠋ᠦᠩ ᠲᠠᠪᠴᠠᠩ ᠢᠶᠠᠷ ᠪᠠᠷᠢᠮᠵᠢᠶ᠎ᠠ ᠪᠣᠯᠭᠠᠬᠤ ᠶᠢ ᠠᠮᠠᠯᠠᠵᠤ᠂ ᠠᠵᠤ ᠠᠬᠤᠶᠢᠯᠠᠯ ᠠᠴᠠ ᠪᠤᠰᠤᠳ ᠰᠦᠢᠳᠬᠡᠯ ᠬᠤᠷᠢᠶᠠᠵᠤ ᠪᠣᠯᠬᠤ ᠥᠬᠡᠶ᠃  ᠭᠤᠷᠪᠠ᠂ ᠮᠠᠲ᠋ᠧᠷᠢᠶᠠᠯ ᠲᠤᠰᠢᠶᠠᠬᠤ ᠴᠠᠭ ᠬᠤᠭᠤᠴᠠᠭ᠎ᠠ᠂ ᠭᠠᠵᠠᠷ ᠣᠷᠣᠨ᠂ ᠠᠷᠭ᠎ᠠ ᠬᠡᠯᠪᠡᠷᠢ  ᠪᠠᠷᠠᠭ᠎ᠠ ᠬᠠᠩᠭᠠᠭᠴᠢ 2023 ᠣᠨ ᠤ 7 ᠳ᠋ᠤᠭᠠᠷ ᠰᠠᠷ᠎ᠠ ᠶᠢᠨ 28 ᠤ ᠡᠳᠦᠷ ᠠᠴᠠ ᠡᠬᠢᠯᠡᠨ ᠭᠤᠷᠪᠠᠨ ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠤᠨ ᠪᠢᠴᠢᠭ ᠵᠢᠴᠢ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠶᠢ ᠲᠤᠰᠢᠶᠠᠵᠤ ᠬᠢᠨᠠᠨ ᠲᠣᠭᠲᠠᠭᠠᠯᠲᠠ ᠳᠤ ᠣᠷᠣᠯᠴᠠᠭᠤᠯᠵᠤ ᠪᠣᠯᠤᠨ᠎ᠠ᠃ ᠪᠣᠳᠠᠲᠠᠢ ᠦᠷ᠎ᠡ ᠳ᠋ᠦᠩ ᠢ ᠦᠨᠡᠯᠡᠬᠦ ᠠᠵᠢᠯ ᠳᠠᠭᠤᠰᠤᠭᠰᠠᠨ ᠤ ᠳᠠᠷᠠᠭ᠎ᠠ ᠵᠢᠩ ᠳ᠋ᠦᠩ ᠲᠠᠪᠴᠠᠩ ᠳᠤ ᠲᠠᠨᠢᠯᠴᠠᠭᠤᠯᠤᠨ᠎ᠠ᠃  ᠲᠤᠰᠢᠶᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 5 ᠳ᠋ᠤᠭᠠᠷ ᠠᠰᠠᠷ ᠤᠨ 616 ᠳ᠋ᠤᠭᠠᠷ ᠥᠷᠥᠭᠡ  ᠬᠠᠷᠢᠯᠴᠠᠬᠤ ᠬᠥᠮᠦᠨ᠄ ᠮᠠ ᠴᠤᠤ  ᠬᠠᠷᠢᠯᠴᠠᠬᠤ ᠤᠲᠠᠰᠤ᠄ 0471-6945094 
 
ᠢᠷᠡᠯᠲᠡ᠄ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号