ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠨᠢᠭᠡᠳᠦᠭᠡᠷ ᠪᠦᠯᠦᠭ ᠤᠨ ᠠᠩᠬᠠᠨ ᠤ ᠳᠡᠯᠭᠡᠭᠦᠷ ᠤᠨ ᠠᠵᠤ ᠠᠬᠤᠶ ᠶᠢᠨ ᠲᠥᠷᠥᠯ ᠵᠦᠢᠯ ᠤᠨ ᠨᠡᠷᠡᠰ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2023/8/11
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠩᠬᠠᠨ ᠤ ᠳᠡᠯᠭᠡᠭᠦᠷ ᠢ ᠶᠡᠬᠡᠪᠡᠷ ᠬᠥᠭᠵᠢᠭᠦᠯᠵᠦ ᠠᠩᠬ᠎ᠠ ᠲᠠᠷᠬᠠᠭᠠᠬᠤ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠨ ᠤ ᠳᠡᠯᠭᠡᠭᠦᠷ ᠢ ᠠᠩᠬ᠎ᠠ ᠲᠠᠷᠬᠠᠭᠠᠬᠤ ᠠᠵᠤ ᠠᠬᠤᠶ ᠶᠢ ᠦᠨᠡᠯᠡᠨ ᠲᠣᠭᠲᠠᠭᠠᠬᠤ ᠠᠷᠭ᠎ᠠ ︵ᠲᠦᠷ ᠬᠡᠷᠡᠭᠵᠢᠭᠦᠯᠬᠦ︶︾ ᠶᠢ ᠦᠨᠳᠦᠰᠦᠯᠡᠨ᠂ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠶᠢᠨ ᠠᠩᠬᠠᠨ ᠤ ᠬᠢᠨᠠᠯᠲᠠ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠭᠡᠳ᠂ 2023 ᠣᠨ ᠤ ᠨᠢᠭᠡᠳᠦᠭᠡᠷ ᠪᠦᠯᠦᠭ ᠤᠨ ᠠᠩᠬᠠᠨ ᠤ ᠳᠡᠯᠭᠡᠭᠦᠷ ᠤᠨ ᠠᠵᠤ ᠠᠬᠤᠶ ᠶᠢᠨ 22 ᠲᠥᠷᠥᠯ ᠵᠦᠢᠯ ᠢ ᠲᠣᠭᠲᠠᠭᠠᠪᠠ᠂ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠭᠡᠮ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 8 ᠳ᠋ᠤᠭᠠᠷ ᠰᠠᠷ᠎ᠠ ᠶᠢᠨ 11 ᠤ ᠡᠳᠦᠷ ᠠᠴᠠ 21 ᠤ ᠡᠳᠦᠷ ᠪᠣᠯᠲᠠᠯ᠎ᠠ᠂ ᠨᠡᠶᠢᠲᠡ 7 ᠠᠵᠢᠯᠯᠠᠬᠤ ᠡᠳᠦᠷ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠣᠨᠳᠣᠤ ᠰᠠᠨᠠᠯ ᠲᠠᠢ ᠪᠣᠯ ᠰᠤᠷᠪᠤᠯᠵᠢᠯᠠᠯ᠂ ᠳ᠋ᠢᠶᠠᠩᠬᠤᠸᠠ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠵᠤ ᠪᠣᠯᠤᠨ᠎ᠠ᠃ ᠪᠠᠶᠢᠳᠠᠯ ᠪᠣᠯᠤᠨ ᠠᠰᠠᠭᠤᠳᠠᠯ ᠢ ᠲᠤᠰᠬᠠᠬᠤ ᠳᠤ ᠦᠨᠡᠨ ᠠᠴᠠ ᠵᠥᠪ ᠢ ᠡᠷᠢᠵᠦ᠂ ᠪᠤᠰᠤᠳᠴᠢ ᠲᠥᠪ ᠭᠤᠣᠯᠴᠢ ᠪᠠᠶᠢᠬᠤ ᠬᠡᠷᠡᠭᠲᠡᠢ᠃  ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠭᠠᠵᠠᠷ  ᠬᠠᠷᠢᠯᠴᠠᠬᠤ ᠤᠲᠠᠰᠤ᠄ 0471—6945930    2023 ᠣᠨ ᠤ 8 ᠳ᠋ᠤᠭᠠᠷ ᠰᠠᠷ᠎ᠠ ᠶᠢᠨ 10 ᠤ ᠡᠳᠦᠷ    ᠳᠠᠭᠠᠯᠳᠤᠭᠤᠯᠤᠯ᠄ 2023 ᠣᠨ ᠤ ᠨᠢᠭᠡᠳᠦᠭᠡᠷ ᠪᠦᠯᠦᠭ ᠤᠨ ᠠᠩᠬᠠᠨ ᠤ ᠳᠡᠯᠭᠡᠭᠦᠷ ᠤᠨ ᠠᠵᠤ ᠠᠬᠤᠶ ᠶᠢᠨ ᠲᠥᠷᠥᠯ ᠵᠦᠢᠯ  ᠳᠠᠭᠠᠯᠳᠤᠭᠤᠯᠤᠯ᠄ ᠠᠩᠬᠠᠨ ᠤ ᠳᠡᠯᠭᠡᠭᠦᠷ ᠢ ᠵᠠᠷᠯᠠᠨ ᠨᠡᠶᠢᠲᠡᠯᠡᠬᠦ.xlsx

 

 

 

 
ᠢᠷᠡᠯᠲᠡ᠄ ᠠᠵᠢᠯᠯᠠᠭᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号