ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2023/9/14
9.14.jpg
  2023 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠬᠤᠶᠠᠷ ᠶᠡᠭᠡ ᠶᠠᠪᠤᠳᠠᠯ ᠢᠶᠠᠷ ᠭᠤᠤᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ ︵25 ᠳ᠋ᠤᠭᠠᠷ ᠲᠠᠯᠠᠪᠠᠶ — ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠤᠰᠬᠠᠶ ᠲᠠᠯᠠᠪᠠᠶ︶᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠭᠤᠤᠯ ᠰᠡᠳᠦᠪ ᠢ ᠨᠡᠶᠢᠲᠡᠯᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠳᠠᠷᠤᠭ᠎ᠠ ᠶᠠᠩ ᠢ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠳᠠᠷᠤᠭ᠎ᠠ ᠵᠠᠩ ᠢᠦᠶ ᠰᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠬᠤᠸᠠᠩ ᠯᠢ ᠨᠠ᠂ ᠰᠦᠷᠳᠡᠭᠦᠯᠦᠯ ᠢ ᠡᠰᠡᠷᠭᠦᠴᠡᠬᠦ ᠶᠡᠷᠦᠩᠬᠡᠶ ᠠᠩᠭᠢ ᠶᠢᠨ ᠳᠠᠷᠤᠭ᠎ᠠ ᠠᠯᠲᠠᠨᠪᠤᠯᠠᠭ᠂ ᠠᠮᠢ ᠠᠬᠤᠶ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠳᠠᠷᠤᠭ᠎ᠠ ᠮᠢᠶᠣᠣ ᠬᠠᠶ ᠪᠢᠨ᠂ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠪᠠᠶᠢᠴᠠᠭᠠᠬᠤ ᠭᠠᠵᠠᠷ ᠤᠨ ᠳᠠᠷᠤᠭ᠎ᠠ ᠸᠠᠩ ᠰᠢᠶᠤᠤ ᠳ᠋ᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠣᠨᠢᠨ ᠮᠡᠳᠡᠭᠡ ᠨᠡᠶᠢᠲᠡᠯᠡᠬᠦ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠬᠤᠸᠠᠩ ᠬᠠᠶ ᠶᠠᠨ ᠡᠷᠭᠢᠯᠡᠪᠡ᠃  ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠦᠭᠡ ᠶᠢ ᠨᠡᠶᠢᠲᠡᠯᠡᠪᠡ   ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ  ᠸᠠᠩ ᠪᠢᠨᠬᠦᠷᠦᠯᠴᠡᠨ ᠢᠷᠡᠭᠰᠡᠨ ᠵᠣᠴᠢᠳ᠂ ᠵᠠᠭᠤᠴᠢᠯᠠᠭᠤᠷ ᠤᠨ ᠨᠠᠶᠢᠵᠠ ᠨᠠᠷ ᠡ᠄  ᠰᠠᠶᠢᠨ ᠪᠠᠶᠢᠵᠠᠭᠠᠨ᠎ᠠ ᠦᠦ︕ 9 ᠳ᠋ᠦ᠋ᠭᠡᠷ ᠰᠠᠷ᠎ᠠ ᠶᠢᠨ 11 ᠤ ᠡᠳᠦᠷ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠠᠵᠢᠯ ᠲᠡᠭᠦᠰ ᠠᠮᠵᠢᠯᠲᠠ ᠲᠠᠢ ᠥᠨᠳᠥᠷᠯᠡᠵᠦ᠂ ᠬᠤᠶᠠᠳᠤᠭᠠᠷ ᠪᠦᠯᠦᠭ ᠤᠨ ᠠᠵᠢᠯ ᠵᠢᠩᠬᠢᠨᠢ ᠪᠠᠷ ᠡᠬᠢᠯᠡᠬᠦ ᠲᠠᠰᠢᠷᠠᠮ ᠳᠤ᠂ ᠥᠨᠥᠳᠦᠷ ᠪᠢᠳᠡ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠱᠠᠲᠤᠴᠢ ᠴᠢᠨᠠᠷᠲᠠᠶ ᠦᠷ᠎ᠡ ᠪᠦᠲᠦᠭᠡᠯ ᠢ ᠠᠪᠴᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠡᠨᠡ ᠬᠦ ᠠᠷᠭ᠎ᠠ ᠬᠡᠯᠪᠡᠷᠢ ᠪᠠᠷ ᠳᠠᠮᠵᠢᠭᠤᠯᠤᠨ ᠣᠯᠠᠨ ᠲᠠᠢ ᠠᠭᠤᠯᠵᠠᠭᠰᠠᠨ ᠪᠥᠭᠡᠳ ᠣᠯᠠᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠳᠤ ᠬᠠᠷᠢᠭᠤ ᠥᠭᠭᠦᠭᠰᠡᠨ ᠳᠤ ᠮᠠᠰᠢ ᠪᠠᠶᠠᠷᠲᠠᠶ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠢᠳᠡᠨ ᠳᠤ ᠨᠢᠭᠡ ᠰᠠᠶᠢᠨ ᠲᠠᠪᠴᠠᠩ ᠪᠠᠶᠢᠭᠤᠯᠵᠤ ᠥᠭᠴᠡᠶ᠂ ᠡᠨᠡ ᠵᠠᠪᠰᠢᠶᠠᠨ ᠢᠶᠠᠷ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠡᠮᠦᠨ᠎ᠡ ᠠᠴᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ ᠵᠠᠭᠤᠴᠢᠯᠠᠭᠤᠷ ᠤᠨ ᠨᠠᠶᠢᠵᠠ ᠨᠠᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠦᠴᠦᠲᠡᠶ ᠳᠡᠮᠵᠢᠵᠦ᠂ ᠥᠷᠭᠡᠨ ᠢᠶᠠᠷ ᠬᠢᠨᠠᠯᠲᠠ ᠲᠠᠯᠪᠢᠭᠰᠠᠭᠠᠷ ᠢᠷᠡᠵᠡᠶ᠃ ᠠᠳᠡ᠂ ᠪᠢ ᠪᠠᠰᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠡᠮᠦᠨ᠎ᠡ ᠠᠴᠠ ᠠᠳᠡ ᠰᠠᠭᠤᠭ᠎ᠠ ᠨᠥᠬᠦᠳ ᠪᠣᠯᠤᠨ ᠲᠠ ᠨᠠᠷ ᠤᠨ ᠪᠠᠶᠢᠭ᠎ᠠ ᠨᠢᠭᠡᠴᠢ ᠵᠢᠴᠢ ᠪᠥᠬᠦ ᠵᠠᠭᠤᠴᠢᠯᠠᠭᠤᠷ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠣᠯᠤᠨ ᠴᠢᠩ ᠰᠡᠳᠬᠢᠯ ᠤᠨ ᠮᠡᠨᠳᠦᠴᠢᠯᠡᠯ ᠪᠣᠯᠤᠨ ᠵᠥᠩᠨᠡᠯ ᠳᠡᠪᠰᠢᠭᠦᠯᠵᠦ ᠪᠠᠶᠢᠨ᠎ᠠ᠂ ᠪᠢᠳᠡᠨ ᠤ ᠠᠮᠤᠷ ᠠᠮᠤᠭᠤᠯᠠᠩ ᠢ ᠬᠠᠮᠲᠤ ᠪᠠᠷ ᠪᠥᠲᠥᠭᠡᠨ ᠪᠠᠶᠢᠭᠤᠯᠵᠤ᠂ ᠠᠮᠤᠷ ᠠᠮᠤᠭᠤᠯᠠᠩ ᠢ ᠬᠠᠮᠲᠤ ᠪᠠᠷ ᠡᠳ᠋ᠯᠡᠬᠦ ᠶᠢ ᠬᠦᠰᠡᠵᠦ ᠪᠠᠶᠢᠨ᠎ᠠ︕  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯ ᠤᠯᠤᠰ ᠲᠥᠷᠥ ᠶᠢᠨ ᠪᠠᠶᠢᠭᠤᠯᠭ᠎ᠠ ᠮᠥᠨ᠂ ︽ᠨᠠᠮ ᠳᠠᠭᠠᠨ ᠦᠨᠡᠨᠴᠢ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ︾ ᠪᠣᠯ ᠨᠠᠮ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠯᠪᠢᠭᠰᠠᠨ ᠶᠡᠷᠦᠩᠬᠡᠶ ᠱᠠᠭᠠᠷᠳᠠᠯᠭ᠎ᠠ ᠮᠥᠨ᠃ ᠡᠨᠡ ᠵᠢᠯ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠪᠣᠯᠪᠠᠰᠤᠷᠠᠯ ᠢᠶᠠᠨ ᠴᠢᠩᠭᠠᠳᠬᠠᠬᠤ᠂ ᠰᠤᠷᠲᠠᠯ ᠢᠶᠠᠨ ᠴᠡᠭᠴᠡᠯᠡᠬᠦ᠂ ᠲᠦᠷᠢ ᠲᠥᠷᠬᠦ ᠪᠠᠨ ᠱᠤᠭᠤᠬᠤ︾ ᠲᠤᠰᠬᠠᠢ ᠠᠵᠢᠯᠯᠠᠭ᠎ᠠ ᠪᠠᠷ ᠥᠪᠡᠷ ᠢᠶᠠᠨ ᠰᠣᠩᠭᠤᠭᠰᠠᠨ ᠠᠵᠢᠯᠯᠠᠭ᠎ᠠ ᠪᠠ ᠤᠨᠴᠠᠯᠢᠬᠳᠤ ᠠᠴᠢᠶᠠᠯᠠᠪᠤᠷᠢ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠵᠢᠮᠦᠷ ᠠᠵᠤ ᠲᠦᠷᠦᠭᠦ ᠶᠢ ᠪᠠᠲᠤᠯᠠᠬᠤ ᠪᠣᠳᠠᠲᠠᠢ ᠦᠢᠯᠡᠳᠦᠯᠭᠡ ᠳᠤᠮᠳᠠ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠠᠲᠤᠯᠠᠨ ᠬᠠᠮᠠᠭᠠᠯᠠᠬᠤ ᠠᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃  ᠳᠤᠤᠷ᠎ᠠ᠂ ᠪᠢ ᠤᠷᠢᠳ ᠢᠶᠠᠷ ᠬᠤᠯᠪᠣᠭᠳᠠᠯ ᠪᠥᠬᠦᠶ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠵᠦ᠂ ᠣᠯᠠᠨ ᠳᠤ ᠨᠢᠭᠡ ᠬᠤᠪᠢ ᠰᠠᠭᠤᠷᠢ ᠪᠣᠷᠣ ᠮᠠᠲ᠋ᠧᠷᠢᠶᠠᠯ ᠬᠠᠩᠭᠠᠨ᠎ᠠ᠂ ᠬᠤᠯᠪᠣᠭᠳᠠᠯ ᠪᠥᠬᠦᠶ ᠲᠤᠭ᠎ᠠ ᠪᠠᠷᠢᠮᠲᠠ ᠶᠢᠨ ᠪᠦᠷᠢᠳᠬᠡᠯ ᠪᠣᠯ 9 ᠳ᠋ᠦ᠋ᠭᠡᠷ ᠰᠠᠷ᠎ᠠ ᠶᠢᠨ ᠡᠬᠢ ᠶᠢᠨ ᠲᠦᠷᠦᠭᠦᠦ ᠭᠤᠷᠪᠠᠨ ᠤᠯᠠᠷᠢᠯ ᠤᠨ ᠪᠠᠶᠢᠳᠠᠯ ᠪᠣᠯᠤᠨ᠎ᠠ᠃  ᠨᠢᠭᠡ ᠳᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠪᠠ᠃ ᠤᠯᠤᠰ ᠲᠦᠷᠦ ᠶᠢᠨ ᠠᠮᠤᠷ ᠲᠦᠪᠰᠢᠨ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠡᠯ᠎ᠡ ᠵᠦᠢᠯ ᠤᠨ ᠬᠠᠭᠠᠴᠠᠭᠤᠯᠬᠤ ᠨᠡᠪᠴᠢᠯᠲᠡ ᠬᠢᠬᠦ ᠡᠪᠳᠡᠯᠡᠭᠡ ᠬᠢᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠭᠦᠨ᠎ᠡ᠃ ᠬᠦᠴᠦᠷᠬᠡᠭᠯᠡᠯ ᠰᠦᠷᠳᠡᠭᠦᠯᠦᠯ ᠳᠤ ᠴᠢᠩᠭ᠎ᠠ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠵᠢᠷᠭᠤᠭᠠᠨ ᠰᠠᠭᠤᠬᠤ︾ ᠵᠡᠷᠭᠡ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠨᠡ ᠵᠢᠯ ᠠᠴᠠ ᠨᠠᠭᠠᠰᠢ᠂ ᠰᠦᠯᠵᠢᠶᠡᠨ ᠤ ᠣᠷᠭᠤᠳᠤᠤᠯ ᠢ 4 ᠪᠠᠷᠢᠪᠴᠢᠯᠠᠵᠤ᠂ 5 ᠬᠥᠮᠦᠨ ᠳᠤ ᠡᠷᠡᠭᠦᠦ ᠶᠢᠨ ᠰᠢᠢᠳᠭᠡᠯ ᠥᠭᠴᠦ᠂ 16 ᠬᠥᠮᠦᠨ ᠳᠤ ᠵᠠᠰᠠᠭ ᠵᠠᠬᠢᠷᠭᠠᠨ ᠤ ᠰᠢᠢᠳᠭᠡᠯ ᠥᠭᠴᠦ᠂ 123 ᠬᠥᠮᠦᠨ ᠢ ᠰᠤᠷᠭᠠᠨ ᠬᠥᠮᠦᠵᠢᠭᠦᠯᠵᠦ ᠰᠡᠷᠡᠮᠵᠢᠯᠡᠭᠦᠯᠦᠨ ᠴᠡᠭᠡᠷᠯᠡᠭᠦᠯᠵᠦ᠂ ᠠᠬ᠎ᠠ ᠳᠡᠭᠦᠦ ᠮᠤᠵᠢ ᠬᠤᠲᠠ ᠶᠢ ᠬᠠᠪᠰᠤᠷᠤᠨ ᠰᠦᠷᠳᠡᠭᠦᠯᠦᠯ ᠳᠤ ᠬᠤᠯᠪᠣᠭᠳᠠᠭᠰᠠᠨ ᠬᠡᠷᠡᠭ ᠢ 12 ᠪᠠᠶᠢᠴᠠᠭᠠᠨ ᠢᠯᠡᠷᠡᠭᠦᠯᠵᠦ᠂ ᠰᠦᠷᠳᠡᠭᠦᠯᠦᠯ ᠢ ᠡᠰᠡᠷᠭᠦᠴᠡᠬᠦ ᠲᠣᠷᠭᠠᠭᠤᠯᠢ ᠶᠢᠨ ᠬᠠᠭᠤᠳᠠᠰᠤ 16 ᠬᠤᠪᠢ ᠭᠠᠷᠭᠠᠵᠤ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ︽ᠡᠭᠦᠰᠬᠦ ᠥᠬᠡᠶ︾ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠪᠠ᠃ ︽ᠨᠢᠭᠡ ᠲᠥᠪ ᠭᠤᠷᠪᠠᠨ ᠪᠠᠶᠢᠯᠳᠤᠭᠠᠨ ᠤ ᠠᠩᠭᠢ︾ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠰᠦᠯᠵᠢᠶᠡᠨ ᠳᠡᠭᠡᠷᠡᠬᠢ ᠴᠤᠤᠷᠬᠠᠯ᠂ ᠬᠤᠤᠷ ᠬᠥᠨᠥᠭᠡᠯ ᠲᠠᠢ ᠮᠡᠳᠡᠭᠡ ᠵᠠᠩᠭᠢ ᠪᠠ ᠴᠠᠭᠳᠠᠭ᠎ᠠ ᠳᠤ ᠬᠤᠯᠪᠣᠭᠳᠠᠭᠰᠠᠨ ᠨᠠᠵᠠᠭᠠᠶ ᠶᠠᠷᠢᠶ᠎ᠠ ᠬᠡᠯᠡᠯᠴᠡᠭᠡᠨ ᠤ ᠪᠠᠶᠢᠳᠠᠯ ᠢ ᠶᠡᠭᠡ ᠬᠡᠮᠵᠢᠶ᠎ᠡ ᠪᠠᠷ ᠰᠢᠢᠳᠪᠦᠷᠢᠯᠡᠵᠦ᠂ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠦᠯᠵᠢᠶ᠎ᠡ ᠶᠢ ᠠᠷᠢᠭᠤᠨ ᠴᠡᠪᠡᠷ ᠪᠣᠯᠭᠠᠪᠠ᠃  ᠬᠤᠶᠠᠷ ᠲᠤ᠂ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠬᠠᠤᠯᠢ ᠠᠴᠠ ᠵᠥᠷᠢᠴᠡᠭᠰᠡᠨ ᠲᠣᠪᠤᠶᠢᠮ᠎ᠠ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠭᠦᠨᠵᠡᠭᠡᠶ ᠠᠬᠢᠭᠤᠯᠤᠨ᠎ᠠ᠃ ᠤᠯᠠᠮᠵᠢᠯᠠᠯᠲᠤ ᠬᠠᠷ᠎ᠠ ᠪᠦᠯᠦᠭᠲᠡᠨ ᠬᠠᠷᠭᠢᠰ ᠬᠦᠴᠦᠨ ᠤ ᠰᠦᠪᠡᠭᠴᠢ ᠶᠢ ︽ᠡᠷᠭᠢᠵᠦ ᠬᠠᠷᠠᠬᠤ︾ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ ᠵᠡᠷᠭᠡ 10 ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠳᠤ ᠬᠤᠯᠪᠣᠭᠳᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠯᠬᠠᠭᠠᠨ ᠰᠢᠢᠳᠭᠡᠬᠦ ᠲᠤᠰᠬᠠᠶ ᠠᠵᠢᠯᠯᠠᠭ᠎ᠠ ᠥᠷᠨᠢᠭᠦᠯᠪᠡ᠃ ᠡᠨᠡ ᠵᠢᠯ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠨᠲᠡ ᠤᠯᠠᠮᠵᠢᠯᠠᠯᠲᠤ ᠬᠠᠷ᠎ᠠ ᠪᠦᠯᠦᠭᠲᠡᠨ ᠳᠤ ᠬᠤᠯᠪᠣᠭᠳᠠᠭᠰᠠᠨ 1 ᠵᠣᠬᠢᠶᠠᠨ ᠪᠠᠶᠢᠭᠤᠯᠤᠯᠲᠠ᠂ ᠤᠯᠠᠮᠵᠢᠯᠠᠯᠲᠤ ᠬᠠᠷᠭᠢᠰ ᠬᠦᠴᠦᠨ ᠤ 6 ᠶᠠᠯᠠᠲᠤ ᠪᠦᠯᠦᠭᠯᠡᠯ᠂ ᠲᠤᠤᠷ ᠲᠤ ᠬᠤᠯᠪᠣᠭᠳᠠᠭᠰᠠᠨ ᠬᠠᠷᠭᠢᠰ ᠬᠦᠴᠦᠨ ᠤ 8 ᠶᠠᠯᠠᠲᠤ ᠪᠦᠯᠦᠭᠯᠡᠯ᠂ ᠤᠯᠠᠮᠵᠢᠯᠠᠯᠲᠤ ᠬᠠᠷᠭᠢᠰ ᠬᠦᠴᠦᠨ ᠤ 1 ᠶᠠᠯᠠᠲᠤ ᠪᠦᠯᠦᠭ ᠢ ᠪᠣᠳᠠ ᠨᠢᠷᠭᠡᠵᠦ᠂ 399 ᠡᠷᠡᠭᠦᠦ ᠶᠢᠨ ᠬᠡᠷᠡᠭ ᠢ ᠢᠯᠡᠷᠡᠭᠦᠯᠵᠦ᠂ 353 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 6 ︽ᠲᠤᠤᠷ ᠠᠴᠠ ᠮᠤᠯᠲᠤᠷᠠᠭᠰᠠᠨ︾ ᠣᠷᠭᠤᠳᠤᠤᠯ ᠬᠡᠷᠡᠭᠲᠡᠨ ᠢ ᠪᠠᠷᠢᠪᠴᠢᠯᠠᠵᠠᠶ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠪᠦᠬᠦ ᠬᠦᠴᠦᠨ ᠢᠶᠠᠷ ᠴᠣᠬᠢᠯᠲᠠ ᠥᠭᠴᠦ ᠵᠠᠰᠠᠨ᠎ᠠ᠃ ︽ᠮᠠᠨ ᠤ ᠣᠷᠣᠨ ᠳᠤ ᠰᠠᠭᠤᠷᠢᠯᠠᠵᠤ᠂ ᠪᠥᠬᠦ ᠤᠯᠤᠰ ᠲᠤ ᠦᠢᠯᠡᠴᠢᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠣᠯᠠᠨ ᠤᠳᠠᠭ᠎ᠠ ᠲᠥᠪᠯᠡᠷᠡᠩᠭᠦᠶ ᠠᠵᠢᠯᠯᠠᠭ᠎ᠠ ᠥᠷᠨᠢᠭᠦᠯᠵᠦ᠂ ᠴᠠᠬᠢᠯᠭᠠᠨ ᠢᠶᠠᠷ ᠮᠡᠬᠡᠯᠡᠭᠰᠡᠨ ᠬᠡᠷᠡᠭ ᠢ 4179 ᠢᠯᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.08 % ᠪᠠᠷ ᠳᠡᠭᠡᠭᠰᠢᠯᠡᠪᠡ︔ 12097 ᠬᠥᠮᠦᠨ ᠢ ᠪᠠᠷᠢᠪᠴᠢᠯᠠᠵᠤ᠂ ᠠᠳᠠᠯᠢ ᠬᠤᠭᠤᠴᠠᠭᠠᠨ ᠤ ᠬᠢ ᠠᠴᠠ 28.92 % ᠢᠶᠠᠷ ᠳᠡᠭᠡᠭᠰᠢᠯᠡᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠪᠢᠷᠮᠠ ᠶᠢᠨ ᠤᠮᠠᠷᠠᠲᠤ ᠬᠡᠰᠡᠭ ᠤᠨ ᠴᠣᠬᠢᠯᠲᠠ ᠥᠭᠬᠦ ᠠᠵᠢᠯᠯᠠᠭ᠎ᠠ ᠳᠤ ᠬᠠᠮᠵᠢᠯᠴᠠᠨ᠂ ᠣᠯᠠᠨ ᠵᠦᠢᠯ ᠤᠨ ᠠᠵᠢᠯ ᠪᠥᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠠᠮᠢᠨ ᠬᠡᠷᠡᠭ ᠤᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠠᠮᠢᠨ ᠬᠡᠷᠡᠭ ᠤᠨ ᠣᠳᠣ ᠪᠠᠶᠢᠭ᠎ᠠ ᠬᠡᠷᠡᠭ ᠢ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠵᠦ᠂ ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠪᠦᠬᠦ ᠬᠦᠴᠦᠨ ᠢᠶᠠᠷ ᠢᠶᠠᠨ ᠰᠢᠪᠲᠤᠯᠬᠤ ᠬᠡᠷᠡᠭᠲᠡᠢ᠃ ᠡᠨᠡ ᠵᠢᠯ ᠠᠴᠠ ᠨᠠᠭᠠᠰᠢ᠂ ᠪᠥᠬᠦ ᠣᠷᠣᠨ ᠤ ᠠᠮᠢᠨ ᠬᠡᠷᠡᠭ ᠢ 100 % ᠪᠠᠷ ᠢᠯᠡᠷᠡᠭᠦᠯᠵᠦ᠂ ᠠᠮᠢᠨ ᠬᠡᠷᠡᠭ ᠤᠨ 54 ᠳᠠᠷᠤᠭᠳᠠᠮᠠᠯ ᠬᠡᠷᠡᠭ ᠢ ᠳᠡᠩᠨᠡᠨ ᠢᠯᠡᠷᠡᠭᠦᠯᠵᠦ᠂ 8 ᠠᠮᠢᠨ ᠬᠡᠷᠡᠭ ᠤᠨ ᠳᠠᠯᠳᠠ ᠬᠡᠷᠡᠭ ᠢ ᠢᠯᠡᠷᠡᠭᠦᠯᠵᠦ᠂ 20 ᠵᠢᠯ ᠠᠴᠠ ᠳᠡᠭᠡᠭᠰᠢᠬᠢ ᠬᠦᠨᠳᠦ ᠶᠡᠭᠡ ᠠᠮᠢᠨ ᠬᠡᠷᠡᠭ ᠤᠨ 46 ᠳᠠᠷᠤᠭᠳᠠᠮᠠᠯ ᠬᠡᠷᠡᠭ ᠢ ᠠᠮᠵᠢᠯᠲᠠᠲᠠᠶ ᠢᠯᠡᠷᠡᠭᠦᠯᠪᠡ᠃ ᠤᠳᠤ ᠶᠢᠨ ᠬᠡᠷᠡᠭᠵᠢᠭᠦᠯᠵᠦ ᠪᠠᠶᠢᠭ᠎ᠠ ᠠᠮᠢᠨ ᠬᠡᠷᠡᠭ ᠤᠨ ᠲᠤᠭ᠎ᠠ 7 ᠵᠢᠯ ᠳᠠᠷᠠᠭᠠᠯᠠᠨ ᠪᠠᠭᠤᠷᠠᠵᠤ᠂ 5 ᠵᠢᠯ ᠳᠠᠷᠠᠭᠠᠯᠠᠨ ᠪᠦᠬᠦᠨ ᠢ ᠢᠯᠡᠷᠡᠭᠦᠯᠵᠦ᠂ ᠡᠷᠡᠭᠦᠦ ᠶᠢᠨ ᠬᠡᠷᠡᠭ ᠤᠨ ᠲᠣᠭᠲᠠᠭᠤᠨ ᠤ ᠳᠤᠮᠳᠠ ᠪᠠᠭᠤᠷᠠᠵᠤ᠂ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠭᠰᠡᠨ ︽ᠬᠤᠶᠠᠷ ᠢ ᠲᠣᠭᠲᠠᠪᠤᠷᠢᠵᠢᠭᠤᠯᠬᠤ︾ ᠠᠵᠢᠯ ᠤᠨ ᠬᠠᠷᠠᠯᠲᠠ ᠶᠢ ᠪᠡᠶᠡᠯᠡᠭᠦᠯᠵᠦ᠂ ︽ᠬᠠᠤᠯᠢ ᠶᠢᠨ ᠲᠣᠣᠷ ᠢ ᠬᠤᠴᠢᠵᠤ᠂ ᠰᠤᠯᠠᠷᠠᠭᠤᠯᠤᠯ ᠦᠭᠡᠢ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠢᠯᠡᠷᠡᠭᠦᠯᠪᠡ᠃ ᠤᠯᠠᠮᠵᠢᠯᠠᠯᠲᠤ ᠶᠠᠯᠠᠲᠤ ᠠᠵᠢᠯᠯᠠᠭ᠎ᠠ ᠳᠤ ᠲᠤᠰᠬᠠᠢ ᠴᠣᠬᠢᠯᠲᠠ ᠥᠭᠬᠦ ᠠᠵᠢᠯ ᠢ ᠭᠦᠨᠵᠡᠭᠡᠢ ᠥᠷᠨᠢᠭᠦᠯᠪᠡ᠃ ᠮᠡᠬᠡᠯᠡᠨ ᠠᠪᠬᠤ ᠳᠠᠭᠠᠳᠬᠠᠯ ᠮᠡᠬᠡᠯᠡᠬᠦ᠂ ︽ᠬᠤᠶᠠᠷ ᠢ ᠪᠤᠯᠢᠶᠠᠵᠤ ᠨᠢᠭᠡ ᠶᠢ ᠬᠤᠯᠠᠭᠠᠶᠢᠯᠠᠬᠤ︾᠂ ᠮᠡᠬᠡᠯᠡᠨ ᠬᠤᠳᠠᠯᠳᠤᠬᠤ ᠴᠢᠨᠠᠷᠲᠠᠶ ᠬᠠᠯᠳᠠᠯᠭ᠎ᠠ ᠬᠢᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠬᠢᠬᠦ ᠵᠡᠷᠭᠡ ᠡᠷᠡᠭᠦᠦ ᠶᠢᠨ ᠬᠡᠷᠡᠭ ᠤᠨ ᠲᠣᠪᠤᠶᠢᠮ᠎ᠠ ᠶᠠᠯᠠᠲᠤ ᠠᠵᠢᠯᠯᠠᠭ᠎ᠠ ᠳᠤ ᠬᠦᠴᠦᠲᠡᠶ ᠲᠠᠭᠠᠷᠢᠯᠲᠠ ᠶᠠᠪᠤᠭᠤᠯᠵᠤ᠂ ᠨᠠᠢᠮᠠᠨ ᠲᠥᠷᠥᠯ ᠤᠨ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠶᠢᠨ ᠬᠡᠷᠡᠭ ᠢ ᠢᠯᠡᠷᠡᠭᠦᠯᠦᠭᠰᠡᠨ ᠨᠣᠷᠮ᠎ᠠ ᠶᠢ 90 % ᠠᠴᠠ ᠳᠡᠭᠡᠭᠰᠢ ᠳᠤ ᠬᠦᠷᠭᠡᠪᠡ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠠᠵᠤ ᠠᠬᠤᠶ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠤᠳᠤᠯᠤᠨ ᠮᠠᠭᠠᠳᠯᠠᠵᠤ ᠰᠡᠷᠡᠮᠵᠢᠯᠡᠭᠦᠯᠬᠦ ︽ᠰᠠᠯᠬᠢ ᠰᠡᠷᠭᠡᠶᠢᠯᠡᠬᠦ ᠣᠶ︾ ᠶᠢᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠴᠠᠬᠢᠯᠭᠠᠨ ᠭᠠᠷᠭᠠᠬᠤ ᠵᠦᠢᠯᠡᠰ ᠤᠨ ᠨᠥᠬᠦᠪᠥᠷᠢ ᠮᠡᠬᠡᠯᠡᠨ ᠠᠪᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠬᠤ ᠪᠠ ︽ᠯᠢᠶᠧ ᠬᠦ᠋ 2023︾ ︽ᠵᠢᠶᠠᠨ ᠵᠢᠢ 22︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 520 ᠠᠵᠤ ᠠᠬᠤᠢ ᠶᠢᠨ ᠶᠠᠯᠠᠲᠤ ᠬᠡᠷᠡᠭ ᠢ ᠢᠯᠡᠷᠡᠭᠦᠯᠵᠦ᠂ 1077 ᠶᠠᠯ᠎ᠠ ᠬᠢᠭᠰᠡᠨ ᠰᠡᠵᠢᠭᠯᠡᠯᠲᠡᠢ ᠬᠥᠮᠦᠨ ᠢ ᠪᠠᠷᠢᠪᠴᠢᠯᠠᠵᠤ᠂ ᠠᠷᠠᠳ ᠤᠯᠠᠨ ᠤ 3 ᠳ᠋ᠦᠩᠰᠢᠭᠤᠷ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃  ᠭᠤᠷᠪᠠ ᠳᠤ᠂ ᠵᠣᠷᠢᠯᠲᠠ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠨᠡᠶᠢᠭᠡᠮ ᠤᠨ ᠵᠠᠰᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠶ᠎ᠡ᠃ ︽ᠵᠠᠭᠤᠨ ᠲᠦᠮᠡᠨ ᠴᠠᠭᠳᠠᠭ᠎ᠠ ᠮᠢᠩᠭ᠎ᠠ ᠲᠦᠮᠡᠨ ᠡᠷᠦᠬᠡ︾ ᠶᠢ ᠭᠦᠨᠵᠡᠭᠡᠶ ᠥᠷᠨᠢᠭᠦᠯᠵᠦ᠂ ︽ᠹᠧᠩ ᠴᠢᠶᠣᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠶᠢ ᠡᠭᠦᠳᠦᠨ ᠪᠠᠶᠢᠭᠤᠯᠵᠤ᠂ ᠪᠦᠬᠦ ᠣᠷᠣᠨ ᠳᠤ 3 ᠲᠣᠮᠢᠯᠠᠭᠰᠠᠨ ᠰᠠᠯᠪᠤᠷᠢ ᠶᠢ ᠰᠢᠨ᠎ᠡ ᠪᠠᠷ ᠨᠡᠮᠡᠵᠦ ᠪᠦᠬᠦ ᠤᠯᠤᠰ ᠤᠨ ︽ᠹᠧᠩ ᠴᠢᠶᠣᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠪᠠᠷ ᠰᠢᠯᠭᠠᠷᠠᠭᠤᠯᠪᠠ᠃ ︽ᠨᠢᠭᠡ ᠲᠣᠰᠬᠤᠨ ᠨᠢᠭᠡ ᠲᠤᠰᠠᠯᠠᠬᠤ︾ ᠴᠠᠭᠳᠠᠭ᠎ᠠ ᠶᠢ 100 % ᠪᠠᠷ ᠲᠣᠬᠢᠷᠠᠭᠤᠯᠵᠤ᠂ 283 ᠬᠤᠲᠠ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ︽ᠬᠤᠶᠠᠷ ᠠᠩᠭᠢ ᠨᠢᠭᠡ ᠲᠠᠰᠤᠭ︾ ᠤᠨ ᠥᠭᠡᠷᠡᠴᠢᠯᠡᠯᠲᠡ ᠶᠢ     ᠪᠡᠶᠡᠯᠡᠭᠦᠯᠪᠡ᠃ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠪᠴᠠᠩ ᠢ ᠢᠳᠡᠪᠬᠢᠲᠡᠶ ᠪᠠᠶᠢᠭᠤᠯᠵᠤ᠂ ᠭᠤᠤᠯᠳᠠᠯᠭ᠎ᠠ ᠲᠠᠢ ᠬᠥᠮᠦᠰ ᠢ ᠤᠷᠢᠳᠴᠢᠯᠠᠨ ᠰᠡᠷᠡᠮᠵᠢᠯᠡᠭᠦᠯᠵᠦ ᠲᠣᠭᠲᠠᠭᠤᠨ ᠢᠶᠠᠷ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠦᠴᠦᠯᠡᠨ ᠴᠢᠩᠭᠠᠳᠬᠠᠨ ᠰᠠᠶᠢᠵᠢᠷᠠᠭᠤᠯᠤᠨ᠎ᠠ᠃ ︽ᠫᠦᠵᠢᠶᠠᠩ ᠤᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠪᠣᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠳᠤᠷᠢᠳᠬᠤ ᠺᠠᠳ᠋ᠷ ᠤᠨ ᠵᠠᠬᠢᠳᠠᠯ ᠦᠵᠡᠬᠦ᠂ ᠬᠡᠷᠡᠭ ᠢ ᠳᠠᠭᠠᠭᠠᠴᠢᠯᠠᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠲᠤᠰᠢᠶᠠᠨ ᠰᠢᠢᠳᠪᠦᠷᠢᠯᠡᠭᠦᠯᠦᠭᠰᠡᠨ 49 ︽ᠶᠠᠰᠤᠨ ᠬᠡᠷᠡᠭ︾ ︽ᠬᠠᠳᠠᠭᠠᠰᠤᠨ ᠬᠡᠷᠡᠭ︾ ᠢ ᠨᠢᠭᠡᠨᠲᠡ 47 ᠶᠢ ᠨᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 96 % ᠳᠤ ᠬᠦᠷᠴᠡᠶ︔ ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠬᠤᠷᠠᠯ ᠠᠴᠠ ᠲᠤᠰᠢᠶᠠᠨ ᠰᠢᠢᠳᠪᠦᠷᠢᠯᠡᠭᠦᠯᠦᠭᠰᠡᠨ 117 ᠬᠡᠷᠡᠭ ᠢ ᠨᠢᠭᠡᠨᠲᠡ ᠪᠦᠬᠦᠨ ᠢ ᠰᠢᠢᠳᠪᠦᠷᠢᠯᠡᠪᠡ᠃ ᠨᠡᠶᠢᠭᠡᠮ ᠨᠡᠶᠢᠲᠡ ᠶᠢᠨ ᠠᠮᠤᠷ ᠲᠦᠪᠰᠢᠨ ᠤ ᠲᠠᠯᠳᠠ ᠭᠡᠮ ᠢ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ︽ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠡᠳ᠋ ᠢ    ᠵᠠᠰᠠᠬᠤ︾᠂ ᠣᠯᠠᠨ ᠲᠦᠮᠡᠨ ᠤ ᠳᠡᠷᠭᠡᠳᠡᠬᠢ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾᠂ ᠵᠠᠮ ᠬᠠᠷᠢᠯᠴᠠᠭᠠᠨ ᠤ ᠠᠳᠡᠯ ᠤᠨ ︽ᠬᠡᠮᠵᠢᠶ᠎ᠡ ᠶᠢ ᠪᠠᠭᠠᠰᠬᠠᠵᠤ ᠬᠡᠮᠵᠢᠶ᠎ᠡ ᠶᠢ ᠬᠢᠵᠠᠭᠠᠷᠯᠠᠬᠤ︾ ᠵᠡᠷᠭᠡ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ᠂ ᠵᠣᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠬᠦᠴᠦᠲᠡᠶ ᠥᠷᠨᠢᠭᠦᠯᠬᠦ ᠬᠡᠷᠡᠭᠲᠡᠶ᠃ ᠫᠤᠤ ᠵᠡᠪᠰᠡᠭ ᠲᠤ ᠬᠤᠯᠪᠣᠭᠳᠠᠭᠰᠠᠨ 32 ᠬᠡᠷᠡᠭ ᠢ ᠢᠯᠡᠷᠡᠭᠦᠯᠵᠦ᠂ ᠬᠠᠤᠯᠢ ᠪᠤᠰᠤ ᠫᠤᠤ 225᠂ ᠰᠤᠮᠤ 45243᠂ ᠳᠠᠷᠢ 31244 ᠺᠢᠯᠣᠭ᠍ᠷᠠᠮ ᠬᠤᠷᠢᠶᠠᠨ ᠠᠪᠴᠠᠶ᠃ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ᠂ ᠠᠮᠤᠷ ᠲᠦᠪᠰᠢᠨ ᠤ ᠡᠮᠬᠢ ᠵᠠᠮᠪᠠᠷᠠᠭ᠎ᠠ ᠥᠬᠡᠶ ᠴᠡᠭ ᠢ 861 ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ︽ᠳᠥᠷᠪᠡᠨ ᠵᠦᠢᠯ ᠤᠨ ᠢᠯᠡᠳᠬᠡᠭᠴᠢ ᠲᠤᠭ᠎ᠠ︾ ᠴᠥᠮ ᠪᠠᠭᠤᠷᠠᠪᠠ᠃ ᠵᠣᠨ ᠤ ᠤᠯᠠᠷᠢᠯ ᠳᠤ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠲᠤᠰᠬᠠᠶ ᠵᠦᠢᠯ ᠢᠶᠠᠷ ᠵᠠᠷᠯᠠᠨ ᠮᠡᠳᠡᠭᠳᠡᠨ᠎ᠡ᠃ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ︽ᠲᠠᠪᠤᠨ ᠨᠢᠭᠡ᠂ ᠲᠠᠪᠤᠨ ᠵᠠᠭᠤ︾ ᠶᠢᠨ ᠢᠨᠵᠧᠨᠧᠷᠢᠩ ᠢ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ   ᠦᠢᠯᠡᠴᠢᠯᠡᠭᠡ︾᠂ ︽24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠳᠡᠰ ᠳᠡᠪᠰᠢᠭᠦᠯᠦᠨ ᠠᠷᠠᠳ ᠲᠤ ᠳᠥᠭᠦᠮ ᠦᠵᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠴᠢᠬᠤᠯᠠ ᠪᠤᠰᠤ ᠬᠢᠨᠠᠨ ᠵᠥᠪᠰᠢᠶᠡᠷᠡᠬᠦ ᠵᠦᠢᠯᠡᠰ ᠢ ᠨᠢᠭᠡᠨᠲᠡ 100 % ᠪᠠᠷ ︽ᠰᠦᠯᠵᠢᠶ᠎ᠡ ᠪᠠᠷ ᠭᠦᠢᠴᠡᠳᠬᠡᠬᠦ︾᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠪᠦᠬᠦ ᠶᠠᠪᠤᠴᠠ ᠪᠠᠷ ᠰᠦᠯᠵᠢᠶ᠎ᠡ ᠪᠠᠷ ᠭᠦᠢᠴᠡᠳᠬᠡᠬᠦ︾ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ᠂ ᠬᠤᠳᠠᠯᠳᠤᠭ᠎ᠠ ᠶᠢ ᠰᠡᠷᠭᠦᠭᠡᠬᠦ ᠪᠠ ᠵᠠᠬ᠎ᠠ ᠳᠡᠯᠭᠡᠭᠦᠷ ᠢ ᠰᠡᠷᠭᠦᠭᠡᠬᠦ 15 ᠵᠦᠢᠯ ᠵᠢᠴᠢ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡ ᠪᠠᠷ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ 6 ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠡᠶ᠎ᠡ ᠶᠢᠨ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠨ ᠠᠪᠬᠤ ᠳᠤ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠵᠢᠴᠢ ᠡᠷᠦᠬᠡ ᠠᠮᠠ ᠰᠢᠯᠵᠢᠭᠦᠯᠬᠦ ᠵᠡᠷᠭᠡ 24 ᠵᠦᠢᠯ ᠤᠨ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠵᠦ᠂ 223 ᠲᠣᠮᠢᠯᠠᠭᠰᠠᠨ ᠰᠠᠯᠪᠤᠷᠢ ᠳᠤ ︽ᠨᠢᠭᠡ ᠥᠷᠲᠡᠭᠡ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠡᠷᠡᠭᠵᠢᠭᠦᠯᠵᠦ᠂ ᠣᠯᠠᠨ ᠲᠦᠮᠡᠨ ᠤ ᠳᠡᠷᠭᠡᠳᠡᠬᠢ ᠠᠷᠠᠳ ᠲᠤ ᠲᠥᠬᠦᠮ ᠦᠵᠡᠭᠦᠯᠬᠦ ᠬᠡᠲᠦ ᠳᠡᠯᠭᠡᠭᠦᠷ ᠢ ᠪᠠᠶᠢᠭᠤᠯᠪᠠ᠃ ︽ᠭᠤᠷᠪᠠ ᠶᠢ ᠪᠠᠭᠠᠰᠬᠠᠬᠤ︾ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ 5 ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃  ᠲᠦᠷᠪᠡ ᠳᠤ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠰᠤᠭ᠎ᠠ ᠴᠣᠭᠴᠠᠲᠤ ᠬᠢᠯᠢ ᠬᠢᠵᠠᠭᠠᠷ ᠤᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢᠴᠢ ︽ᠲᠣᠭᠠᠴᠢᠯᠠᠭᠰᠠᠨ ᠬᠢᠯᠢ ᠬᠢᠵᠠᠭᠠᠷ᠂ ᠣᠶᠤᠨᠴᠢ ᠬᠢᠯᠢ ᠬᠢᠵᠠᠭᠠᠷ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠪᠡᠯᠡᠳᠬᠡᠯ ᠤᠨ ᠠᠯᠪᠠᠨ    ᠬᠡᠷ᠂ ᠠᠮᠤᠷ ᠠᠮᠤᠭᠤᠯᠠᠩ ᠤᠨ ᠠᠯᠪᠠᠨ ᠬᠡᠷ ᠵᠡᠷᠭᠡ ᠪᠠᠶᠢᠭᠤᠯᠤᠮᠵᠢ ᠲᠠᠢ ᠬᠠᠮᠲᠤᠷᠠᠨ ᠠᠮᠤᠷ ᠠᠮᠤᠭᠤᠯᠠᠩ ᠬᠢᠯᠢ ᠶᠢᠨ ᠵᠢᠱᠢᠶᠡᠴᠢ ᠶᠢ ᠡᠭᠦᠳᠦᠨ ᠪᠠᠶᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠴᠡᠭᠴᠡᠯᠡᠨ ᠵᠠᠰᠠᠬᠤ ︽ᠠᠶᠤᠩᠭ᠎ᠠ ᠨᠢᠵᠢᠭᠢᠨᠡᠬᠦ︾ ᠵᠡᠷᠭᠡ ᠲᠤᠰᠬᠠᠶ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠤᠯᠤᠰ ᠤᠨ ᠬᠢᠯᠢ ︵ᠬᠢᠯᠢ︶ ᠶᠢᠨ ᠬᠠᠮᠢᠶᠠᠷᠤᠯᠲᠠ ᠶᠢ ᠬᠠᠷᠰᠢᠯᠠᠵᠤ ᠪᠠᠶᠢᠭ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ︽ᠭᠤᠷᠪᠠᠨ ᠪᠤᠰᠤ︾ ᠭᠠᠳᠠᠭᠠᠳᠤ ᠶᠢᠨ ᠬᠥᠮᠦᠨ ᠤ ᠵᠠᠰᠠᠯᠲᠠ᠂ ︽ᠮᠧᠩ ᠯᠢᠶᠧ︾ ︽ᠯᠢ ᠫᠢᠩ︾ ᠵᠡᠷᠭᠡ ᠲᠤᠰᠬᠠᠶ ᠠᠵᠢᠯᠯᠠᠭ᠎ᠠ ᠶᠢ ᠬᠦᠴᠦᠲᠡᠶ ᠠᠬᠢᠭᠤᠯᠤᠨ᠎ᠠ᠃ ᠪᠣᠭᠤᠮᠲᠠ ᠶᠢᠨ ᠪᠠᠶᠢᠴᠠᠭᠠᠨ ᠪᠠᠷᠢᠪᠴᠢᠯᠠᠬᠤ ᠠᠵᠢᠯ ᠢ ᠴᠢᠩᠭᠠᠳᠬᠠᠵᠤ᠂ ︽ᠭᠤᠷᠪᠠ ᠶᠢ ᠪᠠᠶᠢᠴᠠᠭᠠᠬᠤ︾ ᠠᠵᠢᠯ ᠢ ᠴᠢᠩᠭᠠᠳᠬᠠᠵᠤ᠂ ︽ᠭᠤᠷᠪᠠᠨ ᠬᠤᠷᠢᠭ᠎ᠠ ᠱᠤᠭᠤᠮ︾ ᠢ ᠴᠢᠩᠭ᠎ᠠ ᠰᠠᠬᠢᠵᠤ᠂ ᠬᠢᠯᠢ ᠶᠢᠨ ᠪᠠᠶᠢᠴᠠᠭᠠᠯᠲᠠ ᠶᠢᠨ ᠡᠮᠦᠨ᠎ᠡ ᠲᠠᠪᠴᠠᠩ ᠳᠤ ᠱᠠᠲᠤ ᠬᠤᠪᠢᠶᠠᠨ ᠪᠠᠶᠢᠴᠠᠭᠠᠨ ᠰᠢᠯᠭᠠᠬᠤ᠂ ᠠᠷᠤ ᠲᠠᠪᠴᠠᠩ ᠳᠤ ᠣᠯᠠᠨ ᠲᠠᠯ᠎ᠠ ᠠᠴᠠ ᠬᠠᠷᠭᠤᠭᠤᠯᠤᠨ ᠪᠠᠶᠢᠴᠠᠭᠠᠬᠤ᠂ ᠰᠠᠯᠠᠭ᠎ᠠ ᠮᠥᠴᠢᠷ ᠬᠥᠳᠡᠯᠦᠩᠭᠦᠶ ᠪᠠᠷ ᠬᠠᠮᠲᠤᠷᠠᠨ ᠪᠠᠶᠢᠴᠠᠭᠠᠬᠤ ᠵᠠᠭᠪᠤᠷ ᠢ ᠭᠦᠨᠵᠡᠭᠡᠶᠢᠷᠡᠭᠦᠯᠵᠦ᠂ ᠠᠮᠤᠷ ᠲᠦᠪᠰᠢᠨ ᠢ ᠪᠠᠲᠤᠯᠠᠬᠤ ᠮᠥᠷᠲᠡᠭᠡᠨ ᠪᠣᠭᠤᠮᠲᠠ ᠥᠩᠭᠡᠷᠡᠬᠦ ᠳᠤ ᠲᠥᠬᠦᠮ ᠦᠵᠡᠭᠦᠯᠦᠨ᠎ᠡ᠃ᠡᠨᠡ ᠵᠢᠯ ᠠᠴᠠ ᠨᠠᠰᠢ᠂ ᠬᠢᠯᠢ ᠬᠢᠵᠠᠭᠠᠷ ᠣᠷᠣᠨ ᠤ 61 ᠡᠷᠡᠭᠦᠦ ᠶᠢᠨ ᠬᠡᠷᠡᠭ ᠢ ᠢᠯᠡᠷᠡᠭᠦᠯᠵᠦ᠂ ᠠᠮᠤᠷ ᠢ ᠬᠠᠮᠠᠭᠠᠯᠠᠬᠤ 701 ᠬᠡᠷᠡᠭ ᠢ ᠪᠠᠶᠢᠴᠠᠭᠠᠨ ᠰᠢᠶ᠋ᠳᠪᠦᠷᠢᠯᠡᠵᠦ᠂ 1640 ᠵᠥᠷᠢᠴᠡᠯ ᠵᠢᠭᠤᠷᠠᠯᠳᠤᠭᠠᠨ ᠢ ᠰᠢᠶ᠋ᠳᠪᠦᠷᠢᠯᠡᠵᠦ᠂ 50 ᠣᠷᠭᠤᠳᠤᠤᠯ ᠬᠡᠷᠡᠭᠲᠡᠨ ᠢ ᠪᠠᠷᠢᠪᠴᠢᠯᠠᠪᠠ᠃ ᠤᠯᠤᠰ ᠤᠨ ᠬᠢᠯᠢ ︵ᠬᠢᠵᠠᠭᠠᠷ︶ ᠶᠢ ᠬᠠᠷᠰᠢᠯᠠᠭᠰᠠᠨ 9 ᠬᠡᠷᠡᠭ ᠢ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠨ ᠰᠢᠶ᠋ᠳᠪᠦᠷᠢᠯᠡᠵᠦ᠂ ᠥᠩᠭᠡᠷᠡᠭᠰᠡᠨ ᠵᠢᠯ ᠤᠳ ᠤᠨ ᠬᠠᠮᠤᠭ ᠤᠨ ᠶᠡᠭᠡ ᠬᠡᠮᠵᠢᠶᠡᠨ ᠳᠤ ᠬᠦᠷᠴᠦ᠂ ︽ᠭᠤᠷᠪᠠᠨ ᠬᠠᠤᠯᠢ ᠪᠤᠰᠤ︾ ᠬᠡᠷᠡᠭ ᠢ 11 ᠪᠠᠶᠢᠴᠠᠭᠠᠨ ᠢᠯᠡᠷᠡᠭᠦᠯᠵᠦ᠂ 16 ᠬᠥᠮᠦᠨ ᠢ ᠪᠠᠷᠢᠪᠴᠢᠯᠠᠵᠤ᠂ ᠬᠢᠯᠢ ᠶᠢᠨ ᠪᠣᠭᠤᠮᠲᠠ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠦᠴᠦᠲᠡᠶ ᠬᠠᠮᠠᠭᠠᠯᠠᠪᠠ᠃ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠤᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠪᠣᠭᠤᠮᠲᠠ ᠪᠠᠷ ᠥᠩᠭᠡᠷᠡᠬᠦ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠦᠶ᠋ᠯᠡᠴᠢᠯᠡᠭᠡᠨ ᠤ ᠪᠠᠲᠤᠯᠠᠭ᠎ᠠ ᠶᠢᠨ ᠤᠮᠠᠷᠠᠰᠢ ᠨᠡᠭᠡᠭᠡᠯᠲᠡ ᠬᠢᠬᠦ ︽ᠬᠥᠭᠦᠷᠭᠡᠨ ᠪᠠᠬᠢᠯᠡᠯᠲᠡ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃  ᠲᠠᠪᠤ ᠳᠤ᠂ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠺᠦᠨᠯᠦ᠋ᠨ 2023︾ ᠲᠤᠰᠬᠠᠢ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ︽ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ︾᠂ ︽ᠬᠠᠳᠤᠨ ᠭᠤᠣᠯ ᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠶᠢ ᠪᠠᠷᠢᠮᠲᠠᠯᠠᠵᠤ᠂ ᠠᠭᠠᠷ᠂ ᠤᠰᠤᠨ᠂ ᠡᠯᠡᠰᠦᠷᠬᠡᠭ ᠭᠠᠵᠠᠷ ᠵᠡᠷᠭᠡ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠵᠤ᠂ ᠤᠢ ᠰᠢᠭᠤᠢ ᠨᠤᠲᠤᠭ ᠪᠡᠯᠴᠢᠭᠡᠷ᠂ ᠠᠮᠢ ᠠᠬᠤᠢ ᠣᠷᠴᠢᠨ ᠲᠣᠭᠤᠷᠢᠨ᠂ ᠠᠭᠤᠷᠬᠠᠢ ᠶᠢᠨ ᠡᠬᠢ ᠪᠠᠶᠠᠯᠢᠭ ᠵᠡᠷᠭᠡ ᠬᠦᠷᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠨᠡᠭᠦᠷᠡᠰᠦᠨ ᠤ ᠬᠦᠷᠢᠶᠡᠨ ᠳᠠᠬᠢ ᠪᠠᠶᠢᠩᠭᠤᠵᠢᠭᠰᠠᠨ ᠵᠠᠰᠠᠯᠲᠠ ᠶᠢ ᠥᠷᠨᠢᠭᠦᠯᠵᠦ᠂ ᠠᠷᠪᠠᠨ ᠵᠦᠢᠯ ᠤᠨ ᠪᠣᠭᠤᠮᠲᠠ ᠰᠢᠪᠲᠤᠯᠬᠤ ᠡᠭᠦᠷᠭᠡ ᠶᠢ ᠪᠦᠬᠦᠨ ᠢ ᠴᠢᠨᠠᠷ ᠰᠠᠶᠢᠲᠠᠶ ᠪᠠᠷ ︽ᠲᠠᠩᠰᠠ ᠲᠤᠰᠢᠶᠠᠬᠤ︾ ᠶᠢ ᠭᠦᠢᠴᠡᠳᠭᠡᠪᠡ᠃ ᠡᠨᠡ ᠵᠢᠯ ᠠᠴᠠ ᠨᠠᠭᠠᠰᠢ᠂ ᠪᠥᠬᠦ ᠣᠷᠣᠨ ᠳᠤ ᠠᠮᠢ ᠠᠬᠤᠶ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠬᠦᠷᠢᠶᠡᠨ ᠳᠠᠬᠢ ᠬᠡᠷᠡᠭ ᠢ 1399      ᠢᠯᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 30.9 % ᠪᠠᠷ ᠨᠡᠮᠡᠭᠳᠡᠵᠦ᠂ 2233 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠦᠨ᠎ᠡ ᠥᠷᠲᠡᠭ ᠨᠢ 21.4 ᠳ᠋ᠦᠩᠰᠢᠭᠤᠷ ᠲᠥᠭᠦᠷᠢᠭ ᠲᠤ ᠬᠦᠷᠴᠦ᠂ ᠬᠡᠳᠦᠨ ᠵᠦᠢᠯ ᠤᠨ ᠵᠠᠩᠭᠢᠯᠠᠭ᠎ᠠ ᠶᠢᠨ ᠴᠢᠨᠠᠷᠲᠠᠶ ᠭᠦᠢᠴᠡᠳᠭᠡᠯ ᠲᠤᠭ᠎ᠠ ᠨᠢ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃  ᠵᠢᠷᠭᠤᠭ᠎ᠠ ᠳᠤ᠂ ᠴᠢᠩᠭ᠎ᠠ ᠪᠠᠶᠢᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠩᠨᠡᠭᠡᠨ ᠤ ᠪᠠᠶᠢᠭᠤᠯᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ᠃ ᠪᠠᠷᠢᠮᠵᠢᠶ᠎ᠠ ᠶᠢ ᠴᠢᠩᠳᠠᠯᠠᠵᠤ ᠴᠠᠭᠳᠠᠭ᠎ᠠ ᠶᠢ ᠴᠢᠩᠭ᠎ᠠ    ᠵᠠᠰᠠᠬᠤ᠃ 8 + X ᠠᠰᠠᠭᠤᠳᠠᠯ ᠢ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ︽ᠭᠤᠷᠪᠠ ᠶᠢ ᠳᠡᠭᠡᠭᠰᠢᠯᠡᠭᠦᠯᠬᠦ︾ ᠪᠠᠷ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠨᠠᠮᠳᠠᠭᠠᠬᠤ ᠶᠢ ᠠᠬᠢᠭᠤᠯᠵᠤ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ 12 ᠠᠶᠢᠮᠠᠭ ᠬᠤᠲᠠ᠂ 103 ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠪᠦᠷᠢᠨ ᠪᠥᠷᠬᠦᠭᠦᠯᠬᠦ ᠪᠠ ︽ᠡᠷᠬᠢᠨ ᠬᠠᠷᠠᠬᠤ︾ ᠠᠵᠢᠯ ᠢ ᠥᠷᠨᠢᠭᠦᠯᠪᠡ᠃ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠲᠠᠰ ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠬᠤ ᠰᠠᠨᠠᠯ︾ ᠢ ᠲᠣᠭᠲᠠᠭᠠᠵᠤ᠂ ᠨᠠᠮ ᠤᠨ ᠪᠠᠶᠢᠭᠤᠯᠤᠯᠲᠠ ᠶᠢᠨ ᠳᠦᠷᠢᠮᠵᠢᠭᠰᠡᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠴᠢᠩᠭ᠎ᠠ ᠰᠤᠷᠭᠠᠨ ᠬᠥᠮᠦᠵᠢᠭᠦᠯᠵᠦ ᠬᠡᠪ ᠴᠢᠨᠠᠷ ᠢ ᠳᠡᠭᠡᠭᠰᠢᠯᠡᠭᠦᠯᠦᠨ᠎ᠡ᠃ ︽1 + 12︾ ᠵᠢᠭᠠᠨ ᠰᠤᠷᠭᠠᠯᠲᠠ ᠪᠠᠶᠢᠯᠳᠤᠭᠠᠨ ᠬᠢᠬᠦ ᠶᠢ ᠨᠢᠭᠡ ᠴᠣᠭᠴᠠᠵᠢᠭᠤᠯᠤᠭᠰᠠᠨ ᠪᠣᠳᠠᠲᠤ ᠪᠣᠯᠪᠠᠰᠤᠷᠠᠯ ᠤᠨ ᠰᠢᠰᠲ᠋ᠧᠮ ᠳᠤ ᠲᠦᠰᠢᠭᠯᠡᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠲᠥᠷᠥᠯ ᠤᠨ ᠰᠤᠷᠤᠯᠴᠠᠬᠤ ᠠᠵᠢᠯᠯᠠᠭ᠎ᠠ ᠶᠢ 248 ᠤᠳᠠᠭ᠎ᠠ ᠵᠣᠬᠢᠶᠠᠨ ᠪᠠᠶᠢᠭᠤᠯᠵᠤ᠂ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ 1082 ᠤᠳᠠᠭ᠎ᠠ ᠥᠷᠨᠢᠭᠦᠯᠪᠡ᠃ ᠪᠥᠬᠦ ᠴᠠᠭᠳᠠᠭᠠᠨ ᠤ ᠪᠣᠳᠠᠲᠤ ᠪᠠᠶᠢᠯᠳᠤᠭᠠᠨ ᠤ ᠰᠤᠷᠭᠠᠭᠤᠯᠢ ᠢ ᠪᠠᠶᠢᠩᠭᠤᠵᠢᠭᠤᠯᠤᠨ ᠠᠬᠢᠭᠤᠯᠵᠤ᠂ ︽ᠬᠢᠴᠢᠶᠡᠯ ᠤᠨ ᠪᠢᠴᠢᠭ︾ ᠤᠨ ᠮᠠᠶ᠋ᠢᠭ ᠤᠨ ᠠᠵᠢᠯ ᠤᠨ ᠪᠠᠶᠢᠷᠢ ᠶᠢᠨ ᠪᠠᠷᠢᠮᠵᠢᠶ᠎ᠠ ᠳᠤ ᠬᠦᠷᠦᠭᠰᠡᠨ ᠰᠢᠯᠭᠠᠷᠠᠭᠤᠯᠤᠯᠲᠠ ᠪᠠ ︽ᠤᠯᠠᠭᠠᠨ ᠬᠥᠬᠡ ᠶᠢᠨ    ᠲᠡᠮᠡᠴᠡᠭᠡᠨ︾᠂ ︽ᠶᠡᠭᠡ ᠮᠥᠷᠦ᠋ᠢᠴᠡᠭᠡᠨ︾ ᠢ ᠥᠷᠨᠢᠭᠦᠯᠪᠡ᠃ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠰᠤᠷᠭᠠᠭᠤᠯᠢ ᠶᠢ ᠬᠦᠴᠦᠷᠬᠡᠭᠵᠢᠭᠦᠯᠵᠦ ᠪᠠᠶᠢᠷᠢ ᠳᠡᠪᠰᠢᠭᠦᠯᠬᠦ︾ ᠢᠨᠵᠧᠨᠧᠷᠢᠩ ᠢ ᠬᠦᠴᠦᠲᠡᠶ ᠠᠬᠢᠭᠤᠯᠵᠤ᠂ ᠰᠤᠷᠤᠭᠴᠢᠳ ᠤᠨ ᠶᠠᠰᠤ ᠴᠢᠨᠠᠷ ᠪᠠ ᠠᠵᠢᠯ ᠤᠨ ᠪᠠᠶᠢᠷᠢ ᠶᠢᠨ ᠪᠣᠯᠪᠠᠰᠤᠷᠠᠯ ᠢ ᠴᠥᠮ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠨᠢᠭᠡᠨᠲᠡ ᠰᠤᠷᠭᠠᠨ ᠬᠥᠮᠦᠵᠢᠯ ᠤᠨ ᠲᠥᠯᠥᠪᠵᠢᠭᠦᠯᠭᠡ ᠳᠤ ᠣᠷᠣᠭᠤᠯᠪᠠ᠃ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠲᠥᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠬᠥᠮᠦᠵᠢᠯ ᠴᠡᠭᠴᠡᠯᠡᠯᠲᠡ ᠶᠢᠨ ︽ᠡᠷᠬᠢᠨ ᠬᠠᠷᠠᠬᠤ︾ ᠠᠵᠢᠯ ᠤᠨ ᠲᠥᠰᠦᠯ ᠪᠠ ︽ᠲᠥᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠢ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠵᠤ᠂ 3000 ᠭᠠᠷᠤᠢ ᠬᠥᠮᠦᠨ ᠤᠳᠠᠭ᠎ᠠ ᠰᠡᠷᠡᠮᠵᠢᠯᠡᠭᠦᠯᠬᠦ ᠬᠥᠮᠦᠵᠢᠯ ᠬᠦᠷᠳᠡᠪᠡ᠃ ᠲᠣᠳᠣᠷᠬᠠᠶ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠣᠶ ᠪᠣᠯᠭᠠᠶ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ 8 ᠵᠦᠢᠯ ᠤᠨ ᠰᠠᠨᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠦᠬᠦᠯᠢ ᠴᠣᠭᠴᠠ ᠶᠢᠨ ᠬᠡᠪ ᠪᠣᠯᠪᠠᠰᠤᠷᠠᠯ ᠪᠠ ᠤᠳᠤᠷᠢᠳᠬᠤ ᠪᠠᠭ ᠢ ᠠᠳᠬᠤᠨ ᠡᠩᠨᠡᠭᠡ ᠪᠠᠨ ᠳᠠᠶᠢᠴᠢᠯᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠮᠵᠢᠯᠴᠠᠨ ᠲᠤᠰᠠᠯᠠᠬᠤ ᠴᠠᠭᠳᠠᠭ᠎ᠠ ᠶᠢᠨ ︽ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠲᠤᠰᠠᠯᠠᠬᠤ ᠴᠠᠭᠳᠠᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠤᠨ᠎ᠠ᠃ ᠰᠢᠰᠲ᠋ᠧᠮ ᠲᠠᠢ ᠴᠠᠭᠳᠠᠭ᠎ᠠ ᠶᠢ ᠬᠠᠶᠢᠷᠠᠯᠠᠬᠤ ᠴᠠᠭᠳᠠᠭᠠᠨ ᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ︽ᠨᠢᠭᠡᠳᠦᠭᠡᠷ ᠤᠯᠠᠷᠢᠯ ᠳᠤ ᠨᠢᠭᠡ ᠲᠣᠳᠣᠷᠬᠠᠶ ᠬᠠᠭᠤᠳᠠᠰᠤ︾ ᠶᠢᠨ ᠴᠠᠭᠳᠠᠭ᠎ᠠ ᠶᠢ ᠬᠠᠶᠢᠷᠠᠯᠠᠨ ᠬᠠᠯᠠᠮᠵᠢᠯᠠᠬᠤ ᠴᠠᠭᠳᠠᠭ᠎ᠠ ᠶᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠣᠨᠴᠠ ᠬᠦᠴᠢᠷᠳᠡᠯᠲᠡᠶ ᠬᠡᠷ ᠪᠦᠯᠢ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ 285 ᠶᠢ ᠤᠯᠠᠷᠢᠯ ᠢᠶᠠᠷ ᠳᠣᠷᠣᠭᠰᠢ ᠪᠠᠭᠤᠯᠭᠠᠵᠤ᠂ ︽ᠠᠪᠤᠷᠠᠨ ᠵᠠᠰᠠᠬᠤ ᠰᠠᠭᠠᠳ ᠥᠬᠡᠶ ᠨᠡᠪᠲᠡᠷᠡᠬᠦ ᠵᠠᠮ︾ ᠢ ᠪᠠᠴᠢᠮ ᠨᠡᠪᠲᠡᠷᠡᠭᠦᠯᠵᠦ᠂ 16 ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠵᠢᠴᠢ ᠬᠡᠷ ᠪᠦᠯᠢ ᠶᠢᠨ ᠬᠢᠨ ᠢ ᠲᠦᠷᠭᠡᠨ ᠠᠪᠤᠷᠠᠨ ᠵᠠᠰᠠᠵᠤ᠂ ᠠᠷᠠᠳ ᠤᠨ ᠲᠤᠰᠠᠯᠠᠬᠤ ᠴᠠᠭᠳᠠᠭ᠎ᠠ ᠬᠦᠴᠢᠷᠳᠡᠯ ᠲᠠᠢ ᠪᠣᠯ ᠵᠣᠬᠢᠶᠠᠨ ᠪᠠᠶᠢᠭᠤᠯᠤᠯᠲᠠ ᠡᠷᠢᠬᠦ ᠶᠢ ᠨᠢᠭᠡᠳᠦᠭᠡᠷ ᠰᠣᠩᠭᠤᠯᠲᠠ ᠪᠣᠯᠭᠠᠪᠠ᠃  ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠬᠤᠯᠪᠣᠭᠳᠠᠯ ᠪᠥᠬᠦᠶ ᠡᠭᠦᠷᠭᠡ ᠲᠠᠢ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡᠯᠡᠯ ᠢ ᠢᠯᠡᠷᠡᠭᠦᠯᠵᠦ᠂ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠬᠤ ᠶᠢ ᠲᠠᠰᠤᠷᠠᠯᠲᠠ ᠥᠬᠡᠶ ᠪᠠᠷᠢᠮᠲᠠᠯᠠᠵᠤ᠂ ᠨᠢᠭᠡᠳᠦᠭᠡᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠶ ᠠᠬᠢᠭᠤᠯᠬᠤ ᠶᠢ ᠰᠢᠰᠲ᠋ᠧᠮ ᠲᠠᠢ ᠪᠠᠲᠤᠯᠠᠨ᠎ᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠵᠡᠯ ᠰᠠᠨᠠᠭ᠎ᠠ ᠪᠠᠨ ᠨᠠᠩ ᠨᠢᠭᠡᠳᠦᠯᠲᠡᠶ᠂ ᠡᠷᠴᠢ ᠵᠣᠷᠢᠭ ᠢᠶᠠᠨ ᠨᠠᠩ ᠭᠦᠢᠴᠡᠳ ᠲᠡᠭᠦᠯᠳᠡᠷ ᠪᠣᠯᠭᠠᠬᠤ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ︽ᠤᠮᠠᠷᠠᠲᠤ ᠶᠡᠭᠡ ᠡᠭᠦᠳᠡ︾᠂ ᠨᠡᠶᠢᠰᠯᠡᠯ ᠤᠨ ︽ᠤᠨᠠᠭᠤᠯᠢ ᠭᠤᠤᠯ︾ ᠢ ᠡᠷᠡᠰ ᠰᠠᠶᠢᠲᠤᠷ ᠰᠠᠬᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠨᠠᠩ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃  ᠳᠠᠬᠢᠨᠲᠠ ᠴᠢᠩ ᠰᠡᠳᠬᠢᠯ ᠠᠴᠠ ᠪᠠᠨ ᠣᠯᠠᠨ ᠳᠤ ᠲᠠᠯᠠᠷᠬᠠᠵᠤ ᠪᠠᠶᠢᠨ᠎ᠠ︕    ᠳᠠᠭᠠᠯᠳᠤᠭᠤᠯᠤᠯ᠄ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ

 

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号