135 ᠳ᠋ᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠴᠤᠭᠯᠠᠭᠠᠨ ᠤ ᠥᠪᠥᠷ ᠮᠣᠩᠭᠤᠯ ᠤᠨ ᠠᠷᠠᠯᠵᠢᠶᠠᠨ ᠤ ᠪᠦᠯᠬᠦᠮ ᠤᠨ ᠭᠠᠳᠠᠭᠠᠳᠤ ᠳᠤ ᠭᠠᠷᠭᠠᠬᠤ ᠡᠩ ᠤᠨ ᠴᠢᠨᠠᠷᠲᠠᠶ ᠦᠵᠡᠭᠦᠯᠭᠡ ᠶᠢᠨ ᠪᠠᠶᠢᠷᠢ ᠶᠢᠨ ᠲᠤᠭ᠎ᠠ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/1/21
ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠦᠵᠡᠭᠦᠯᠭᠡ ᠳᠤ ᠣᠷᠣᠯᠴᠠᠭᠰᠠᠨ ᠠᠵᠤ ᠠᠬᠤᠶᠢᠯᠠᠯ ᠳᠤ᠄  ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ︽135 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠴᠤᠭᠯᠠᠭᠠᠨ ᠤ ᠭᠠᠳᠠᠭᠠᠳᠤ ᠳᠤ ᠭᠠᠷᠭᠠᠬᠤ ᠦᠵᠡᠭᠦᠯᠭᠡ  ᠶᠢᠨ ᠴᠤᠭᠯᠠᠭᠠᠨ ᠳᠤ ᠣᠷᠣᠯᠴᠠᠬᠤ ᠭᠤᠶᠤᠴᠢᠯᠠᠯ ᠤᠨ ᠶᠠᠪᠤᠳᠠᠯ ᠤᠨ ᠲᠤᠬᠠᠶ ᠵᠠᠷᠯᠠᠯ︾ ︵ᠬᠤᠷᠠᠯ ᠴᠤᠭᠯᠠᠭ᠎ᠠ ᠥᠰᠥᠭ ﹇2020﹈ 504 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠦᠵᠡᠭᠦᠯᠭᠡ  ᠶᠢᠨ ᠡᠩ ᠤᠨ ᠪᠠᠶᠢᠷᠢ ᠪᠠ ᠲᠤᠭ᠎ᠠ ᠬᠡᠮᠵᠢᠶ᠎ᠡ ᠶᠢ ᠲᠣᠬᠢᠷᠠᠭᠤᠯᠬᠤ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠮᠠᠨ ᠤ ᠪᠦᠯᠬᠦᠮ ︽135 ᠳ᠋ᠤᠭᠠᠷ ᠬᠤᠭᠤᠴᠠᠭᠠᠨ ᠤ ᠥᠷᠭᠡᠨ ᠠᠷᠠᠯᠵᠢᠶᠠᠨ ᠤ ᠦᠵᠡᠭᠦᠯᠭᠡ  ᠶᠢᠨ ᠴᠤᠭᠯᠠᠭᠠᠨ ᠤ ᠭᠠᠳᠠᠭᠠᠳᠤ ᠭᠠᠷᠭᠠᠯᠲᠠ ᠶᠢᠨ ᠡᠩ ᠤᠨ ᠴᠢᠨᠠᠷᠲᠠᠶ ᠦᠵᠡᠭᠦᠯᠭᠡ ᠶᠢᠨ ᠪᠠᠶᠢᠷᠢ ᠶᠢᠨ ᠲᠤᠭ᠎ᠠ ᠬᠡᠮᠵᠢᠶ᠎ᠡ ᠶᠢ ᠠᠩᠬ᠎ᠠ ᠠᠯᠬᠤᠮ ᠬᠤᠪᠢᠶᠠᠷᠢᠯᠠᠬᠤ ᠲᠥᠰᠦᠯ︾ ᠢ ᠲᠣᠭᠲᠠᠭᠠᠪᠠ᠃  ᠢᠯᠡ ᠨᠡᠶᠢᠲᠡᠯᠡᠭᠰᠡᠨ ᠬᠤᠭᠤᠴᠠᠭᠠᠨ ᠳᠤ᠂ ᠬᠡᠷᠪᠡ ᠲᠤᠰ ᠲᠥᠰᠦᠯ ᠳᠤ ᠣᠨᠳᠣᠤ ᠰᠠᠨᠠᠯ ᠲᠠᠢ ᠪᠣᠯ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠰᠢᠭᠤᠳ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠲᠣᠳᠣᠯᠠᠭᠠᠳ ᠦᠨᠡᠨ ᠪᠣᠳᠠᠲᠠᠶ ᠪᠠᠶᠢᠪᠠᠯ᠂ ᠬᠦᠯᠢᠶᠡᠨ ᠠᠪᠤᠭᠰᠠᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠲᠤᠰᠬᠠᠭᠰᠠᠨ ᠬᠥᠮᠦᠨ ᠪᠤᠶᠤ ᠨᠢᠭᠡᠴᠢ ᠳᠤ ᠬᠠᠷᠢᠭᠤ ᠲᠤᠰᠬᠠᠬᠤ ᠬᠡᠷᠡᠭᠲᠡᠶ᠃  ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠠᠳᠠᠭᠠᠳᠤ ᠠᠷᠠᠯᠵᠢᠶᠠᠨ ᠤ ᠭᠠᠵᠠᠷ  ᠤᠲᠠᠰᠤ᠄ 0471- 6945721  ᠳᠠᠭᠠᠯᠳᠤᠭᠤᠯᠤᠯ᠄ 135 ᠠᠷᠠᠯᠵᠢᠶᠠᠨ ᠤ ᠴᠣᠭᠯᠠᠭᠠᠨ ᠤ ᠰᠠᠨᠠᠭᠤᠯᠭ᠎ᠠ ᠶᠢᠨ ᠬᠤᠪᠢᠶᠠᠷᠢᠯᠠᠯᠳᠠ ᠶᠢᠨ ᠬᠦᠰᠦᠨᠦᠭᠲᠦ ︵ᠵᠠᠷᠯᠠᠨ ᠨᠡᠶᠢᠳᠡᠯᠡᠭᠰᠡᠨ 2024.1.21︶

 

 

 
ᠢᠷᠡᠯᠲᠡ᠄ ᠭᠠᠳᠠᠭᠠᠳᠤ ᠠᠷᠠᠯᠵᠢᠶᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号