ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ  ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/1/29
  1 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
1.29-1.jpg
  ᠬᠤᠷᠠᠯ ᠠᠴᠠ᠂ ᠨᠢᠳᠤᠨᠤᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠣᠯᠪᠠᠰᠤᠷᠠᠭᠤᠯᠤᠨ ᠳᠠᠶᠢᠨ ᠳᠤ ᠪᠡᠯᠡᠳᠬᠡᠬᠦ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠠᠯ᠎ᠠ ᠪᠠᠷ ᠨᠡᠩ ᠵᠢᠷᠤᠮᠵᠢᠭᠤᠨ᠂ ᠨᠡᠩ ᠬᠦᠴᠦᠲᠡᠢ ᠪᠣᠯᠣᠭᠰᠠᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠳᠠᠶᠢᠨ ᠳᠤ ᠪᠡᠯᠡᠳᠬᠡᠬᠦ᠂ ᠪᠣᠯᠪᠠᠰᠤᠷᠠᠬᠤ᠂ ᠪᠦᠲᠦᠭᠡᠨ ᠪᠠᠶᠢᠭᠤᠯᠬᠤ ᠵᠡᠷᠭᠡ ᠡᠭᠦᠷᠭᠡ ᠪᠠᠨ ᠰᠠᠶᠢᠲᠤᠷ ᠪᠡᠶᠡᠯᠡᠭᠦᠯᠬᠦ ᠶᠢᠨ ᠬᠠᠮᠲᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠣᠷᠣᠯᠴᠠᠨ ᠳᠡᠮᠵᠢᠵᠦ᠂ ᠢᠯᠠᠩᠭᠤᠶ᠎ᠠ ᠠᠶᠤᠯ ᠭᠠᠮᠰᠢᠭ ᠠᠴᠠ ᠠᠪᠤᠷᠠᠬᠤ᠂ ᠰᠥᠩ ᠬᠠᠯᠢᠶ᠎ᠠ ᠶᠢ ᠰᠡᠷᠭᠡᠶᠢᠯᠡᠬᠦ ᠪᠠ ᠦᠶᠡᠷ ᠢ ᠰᠡᠷᠭᠡᠶᠢᠯᠡᠬᠦ ᠵᠡᠷᠭᠡ ᠲᠠᠯ᠎ᠠ ᠪᠠᠷ ᠪᠡᠯᠡᠳᠬᠡᠯ ᠬᠦᠴᠦᠨ᠂ ᠭᠠᠪᠰᠢᠭᠠᠢ ᠠᠩᠭᠢ ᠶᠢᠨ ᠦᠢᠯᠡᠳᠦᠯ ᠢᠶᠠᠨ ᠪᠠᠳᠠᠷᠠᠭᠤᠯᠵᠤ᠂ ᠰᠠᠭᠤᠭ᠎ᠠ ᠭᠠᠵᠠᠷ ᠤᠨ ᠣᠯᠠᠨ ᠲᠦᠮᠡᠨ ᠳᠤ ᠮᠠᠰᠢ ᠣᠯᠠᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ ᠥᠭᠴᠡᠢ᠃ ᠰᠢᠨ᠎ᠡ ᠨᠢᠭᠡ ᠵᠢᠯ ᠳᠤ ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠪᠠᠷ ᠴᠡᠷᠢᠭ ᠢ ᠪᠠᠶᠢᠭᠤᠯᠬᠤ ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠦᠬᠦ ᠣᠷᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠳᠦᠷᠢᠮᠵᠢᠯᠲᠡ ᠵᠢᠷᠤᠮᠵᠢᠯᠲᠠ ᠴᠠᠭ ᠦᠶᠡᠴᠢᠯᠡᠯᠲᠡ ᠢ ᠠᠬᠢᠭᠤᠯᠬᠤ ᠬᠡᠷᠡᠭᠲᠡᠢ ᠃ ᠲᠤᠰᠠᠯᠠᠬᠤ ᠪᠠᠲᠤᠯᠠᠬᠤ ᠢᠯᠠᠯᠲᠠ ᠣᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ ᠂ ᠬᠢᠯᠢ ᠬᠢᠵᠠᠭᠠᠷ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ ᠂ ᠲᠣᠭᠠᠴᠢᠯᠠᠭᠰᠠᠨ᠂ ᠣᠶᠤᠨᠴᠢᠯᠠᠭᠰᠠᠨ ᠂ ᠪᠣᠰᠤᠭ᠎ᠠ ᠴᠣᠭᠴᠠᠲᠤ ᠬᠢᠯᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ ᠂ ᠤᠮᠠᠷᠠᠲᠤ ᠬᠢᠯᠢ ᠶᠢᠨ ᠪᠣᠯᠣᠳ ᠲᠡᠮᠦᠷ ᠤᠷᠳᠤ ᠴᠠᠭᠠᠨ ᠬᠡᠷᠡᠮ ᠢ ᠪᠠᠲᠤ ᠴᠣᠭᠴᠠᠯᠠᠬᠤ ᠬᠡᠷᠡᠭᠲᠡᠢ ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ ᠂ ᠰᠢᠨ᠎ᠡ ᠨᠢᠭᠡ ᠡᠭᠡᠯᠵᠢ ᠶᠢᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠪᠠᠷ ᠬᠥᠲᠥᠯᠥᠮᠵᠢ ᠪᠣᠯᠭᠠᠵᠤ ᠂ ᠬᠤᠶᠠᠷ ᠢ ᠬᠦᠷᠢᠶᠡᠯᠡᠬᠦ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠴᠡᠷᠢᠭ ᠤᠨ ᠶᠠᠪᠤᠳᠠᠯ ᠤᠨ ᠡᠭᠦᠷᠭᠡ ᠶᠢ ᠪᠡᠶᠡᠯᠡᠭᠦᠯᠦᠭᠰᠡᠨ ᠤᠷᠢᠲᠠᠯ ᠳᠣᠣᠷ᠎ᠠ ᠂ ᠣᠷᠣᠨ ᠨᠤᠲᠤᠭ ᠤᠨ ᠭᠤᠣᠯ ᠠᠵᠢᠯ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠬᠢᠨ ᠴᠡᠷᠢᠭ ᠲᠤ ᠦᠢᠯᠡᠴᠢᠯᠡᠬᠦ ᠳᠡᠭᠡᠨ ᠬᠤᠶᠠᠷ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠢ ᠂ ᠨᠢᠭᠡ ᠳᠤ ᠨᠡᠶᠢᠭᠡᠮ ᠳᠠᠶᠠᠭᠠᠷ ᠲᠤ ᠴᠡᠷᠢᠭ ᠠᠩᠭᠢ ᠶᠢ ᠬᠦᠷᠢᠶᠡᠯᠡᠬᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠂ ᠬᠤᠶᠠᠷ ᠲᠤ ᠴᠡᠷᠢᠭ ᠠᠩᠭᠢ ᠶᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ ᠃ ᠡᠨᠡ ᠬᠤᠶᠠᠷ ᠶᠠᠪᠤᠳᠠᠯ ᠢ ᠴᠥᠮ ᠦᠨᠡᠨ ᠬᠦ ᠠᠳᠬᠤᠨ ᠪᠣᠳᠠᠲᠠᠢ ᠬᠢᠵᠦ ᠂ ᠴᠢᠩᠭ᠎ᠠ ᠠᠳᠬᠤᠨ ᠲᠦᠷᠭᠡᠨ ᠬᠢᠵᠦ ᠂ ᠪᠣᠳᠠᠲᠠᠢ ᠠᠷᠭ᠎ᠠ ᠠᠪᠴᠤ ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠂ ᠦᠷ᠎ᠡ ᠳ᠋ᠦᠩ ᠢ ᠴᠢᠬᠤᠯᠠᠴᠢᠯᠠᠵᠤ ᠂ ᠦᠷ᠎ᠡ ᠪᠦᠲᠦᠮᠵᠢ ᠶᠢ ᠦᠵᠡᠬᠦ ᠬᠡᠷᠡᠭᠲᠡᠢ ᠂ ᠥᠴᠥᠬᠡᠨ ᠲᠡᠳᠦᠢ ᠬᠡᠯᠪᠡᠷᠢᠴᠢ ᠦᠵᠡᠯ ᠲᠠᠢ ᠪᠠᠶᠢᠵᠤ ᠪᠣᠯᠬᠤ ᠦᠭᠡᠢ ᠭᠡᠵᠦ ᠴᠢᠬᠤᠯᠠᠴᠢᠯᠠᠪᠠ ᠃  ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠤᠮᠠᠨᠳ᠋ᠯᠠᠭᠴᠢ ᠴᠧᠨ ᠯᠢᠶᠠᠨ ᠪᠢᠩ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠣᠣ ᠺᠠᠩ ᠡᠯ᠎ᠡ ᠠᠶᠢᠮᠠᠭ ᠬᠤᠲᠠ ᠶᠢᠨ ᠬᠢᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠴᠤ ᠪᠠᠶᠢᠭ᠎ᠠ ᠠᠵᠢᠯ ᠤᠨ ᠪᠠᠶᠢᠳᠠᠯ ᠢ ᠦᠨᠡᠯᠡᠵᠦ᠂ 2023 ᠣᠨ ᠤ ᠪᠥᠬᠦ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠡᠯ᠎ᠡ ᠴᠡᠷᠢᠭ ᠤᠨ ᠬᠤᠪᠢᠶᠠᠷᠢ ᠲᠣᠭᠤᠷᠢᠭ ︵ ᠰᠡᠷᠭᠡᠶᠢᠯᠡᠯᠲᠡ ᠶᠢᠨ ᠲᠣᠭᠤᠷᠢᠭ ︶ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠲᠤᠰᠢᠶᠠᠯ ᠤᠨ ᠮᠡᠳᠡᠭᠦᠯᠦᠯᠲᠡ ᠬᠢᠪᠡ ᠃  ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠦᠬᠦᠢ ᠤᠳᠤᠷᠢᠳᠬᠤ ᠨᠥᠬᠦᠳ ᠣᠷᠣᠯᠴᠠᠵᠠᠢ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号