ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠦᠢᠯᠡᠴᠢᠯᠡᠭᠡᠨ ᠤ ᠠᠷᠠᠯᠵᠢᠶᠠᠨ ᠤ ᠠᠵᠤ ᠠᠬᠤᠶᠢᠯᠠᠯ ᠤᠨ ︽ᠲᠡᠯᠡᠶ ᠳᠤ ᠭᠠᠷᠬᠤ︾ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/2/1
  ᠣᠨᠴᠠᠯᠢᠭᠲᠤ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 2024 ᠣᠨ ᠤ ᠡᠬᠢ ᠪᠠᠷ᠂ ᠮᠠᠨᠵᠤᠤᠷ ᠤᠨ ᠳ᠋ᠦᠸᠧ ᠶᠤᠸᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠴᠣᠯᠠ ᠣᠯᠵᠤ᠂ ᠮᠠᠨᠵᠤᠤᠷ ᠤᠨ ᠮᠧᠩ ᠮᠠ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ ᠬᠢᠵᠠᠭᠠᠷᠲᠤ ᠺᠣᠮᠫᠠᠨᠢ ᠪᠣᠯᠤᠨ ᠮᠠᠨᠵᠤᠤᠷ ᠤᠨ ᠲᠢᠶᠧ ᠵᠢᠢ ᠣᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠠᠷᠠᠯᠵᠢᠶ᠎ᠠ ᠶᠢᠨ ᠭᠤᠣᠯᠳᠠᠯᠭ᠎ᠠ ᠲᠠᠢ ᠪᠣᠶᠢᠵᠢᠭᠤᠯᠬᠤ ᠠᠵᠤ ᠠᠬᠤᠶᠢᠯᠠᠯ ᠤᠨ ᠢᠷᠠᠭᠤ ᠠᠯᠳᠠᠷ ᠤᠨ ᠴᠣᠯᠠ ᠣᠯᠵᠠᠢ᠃  ᠮᠠᠨᠵᠤᠤᠷ 1992 ᠣᠨ ᠳᠤ ᠤᠯᠤᠰ ᠤᠨ ᠠᠩᠬᠠᠳᠠᠭᠴᠢ ᠪᠦᠯᠦᠭ ᠬᠢᠯᠢ ᠳᠠᠭᠠᠤ ᠨᠡᠭᠡᠭᠡᠯᠲᠡ ᠬᠢᠭᠰᠡᠨ ᠬᠤᠲᠠ ᠪᠣᠯᠣᠭᠰᠠᠨ ᠠᠴᠠ ᠨᠠᠭᠠᠰᠢ᠂ ᠬᠢᠯᠢ ᠶᠢᠨ ᠪᠣᠭᠤᠮᠲᠠ ᠪᠠᠷ ᠥᠩᠭᠡᠷᠡᠬᠦ ᠳᠠᠪᠠᠭᠤᠯᠢᠭ ᠪᠠ ᠬᠥᠷᠰᠢ ᠵᠡᠷᠭᠡᠯᠡᠳᠡᠭᠡ ᠣᠷᠣᠰ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂  ᠣᠷᠣᠰ ᠮᠣᠩᠭᠤᠯ ᠯᠤᠭ᠎ᠠ ᠶᠢᠨ ᠠᠵᠤ ᠠᠬᠤᠶ ᠠᠷᠠᠯᠵᠢᠶᠠᠨ ᠤ ᠭ᠋ᠤᠷᠰᠢᠯᠴᠠᠭ᠎ᠠ ᠶᠢᠨ ᠳᠡᠰ ᠳᠠᠪᠬᠤᠷᠭ᠎ᠠ ᠪᠣᠯᠤᠨ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠪᠠᠷ ᠭᠤᠤᠯ ᠪᠣᠯᠭᠠᠭᠰᠠᠨ᠂ ᠵᠢᠭᠤᠯᠴᠢᠯᠠᠯ ᠤᠨ ᠦᠢᠯᠡᠴᠢᠯᠡᠭᠡ ᠪᠠᠷ ᠬᠠᠪᠰᠤᠷᠤᠮᠵᠢ ᠪᠣᠯᠭᠠᠭᠰᠠᠨ ᠣᠯᠠᠨ ᠵᠦᠢᠯ ᠤᠨ ᠦᠢᠯᠡᠴᠢᠯᠡᠭᠡᠨ ᠤ ᠠᠷᠭ᠎ᠠ ᠬᠡᠯᠪᠡᠷᠢ ᠪᠠᠷ ᠬᠠᠮᠲᠤᠪᠠᠷ ᠬᠥᠭᠵᠢᠬᠦ ᠪᠠ ᠦᠢᠯᠡᠴᠢᠯᠡᠬᠦ ᠤᠯᠤᠰ ᠨᠢ ᠣᠷᠣᠰ ᠤᠨ ᠪᠦᠬᠦ ᠬᠢᠯᠢ ᠠᠴᠠ ᠡᠸᠦ᠋ᠷᠦᠫᠡ ᠶᠢᠨ ᠭᠧᠷᠮᠠᠨ᠂ ᠢᠲ᠋ᠠᠯᠢ᠂ ᠫᠤᠯᠠᠨᠳ᠋᠂ ᠴᠧᠺᠢ᠂ ᠠᠩᠭ᠍ᠯᠢ᠂ ᠬᠠᠩᠭᠠᠷᠢ᠂ ᠪᠧᠯᠤᠷᠦ᠋ᠰᠢᠶ᠎ᠠ᠂ ᠮᠣᠩᠭᠤᠯ᠂ ᠵᠡᠭᠦᠨ ᠡᠮᠦᠨᠡᠲᠦ ᠠᠽᠢᠶ᠎ᠠ ᠵᠡᠷᠭᠡ ᠤᠯᠤᠰ ᠣᠷᠣᠨ ᠵᠦᠭ ᠲᠠᠰᠤᠷᠠᠯᠲᠠ ᠦᠭᠡᠶ ᠥᠷᠭᠡᠵᠢᠭᠰᠡᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃
2.1-1.png
  ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ — ᠮᠠᠨᠵᠤᠤᠷ ᠤᠨ ᠳ᠋ᠦᠸᠧ ᠶᠤᠸᠠᠨ ᠭᠠᠳᠠᠭᠠᠳᠤ ᠠᠷᠠᠯᠵᠢᠶᠠᠨ ᠤ ᠶᠡᠷᠦᠩᠬᠡᠢᠯᠡᠭᠰᠡᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ  ᠮᠠᠨᠵᠤᠤᠷ ᠤᠨ ᠳ᠋ᠦᠸᠧ ᠶᠤᠸᠠᠨ ᠤᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠺᠣᠮᠫᠠᠨᠢ ᠨᠢ 2007 ᠣᠨ ᠳᠤ ᠪᠠᠶᠢᠭᠤᠯᠤᠭᠳᠠᠵᠦ᠂ ᠳᠤᠮᠳᠠᠳᠤ ᠤᠷᠤᠰ ᠤᠨ ᠤᠯᠠᠨ ᠤᠯᠤᠰ ᠤᠨ ᠠᠷᠠᠯᠵᠢᠶ᠎ᠠ ᠪᠣᠯᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢ ᠡᠷᠬᠢᠯᠡᠵᠦ ᠪᠠᠶᠢᠭ᠎ᠠ ᠶᠡᠷᠦᠩᠬᠡᠶᠢᠯᠡᠭᠰᠡᠨ ᠬᠡᠯᠪᠡᠷᠢ ᠶᠢᠨ ᠠᠷᠠᠯᠵᠢᠶᠠᠨ ᠤ ᠺᠣᠮᠫᠠᠨᠢ ᠪᠣᠯᠤᠨ᠎ᠠ᠂ ᠪᠣᠭᠤᠮᠲᠠ ᠶᠢᠨ AEO ᠳᠡᠭᠡᠳᠦ ᠵᠡᠷᠭᠡ ᠶᠢᠨ ᠭᠡᠷᠡᠴᠢᠯᠡᠯ ᠤᠨ ᠠᠵᠤ ᠠᠬᠤᠶᠢᠯᠠᠯ ᠪᠣᠯᠤᠨ᠎ᠠ᠃ ᠺᠣᠮᠫᠠᠨᠢ ᠨᠢ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠬᠤᠲᠠ ᠮᠠᠨᠵᠤᠤᠷ ᠲᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠪᠠᠶᠢᠭᠤᠯᠵᠤ᠂ ᠣᠷᠣᠰ ᠤᠨ ᠴᠢᠲ᠋ᠠ ᠬᠤᠲᠠ ᠳᠤ ᠣᠯᠠᠨ ᠨᠡᠶᠢᠲᠡ ᠶᠢᠨ ᠭᠠᠳᠠᠭᠠᠳᠤ ᠶᠢᠨ ᠬᠥᠮᠥᠷᠭᠡ ᠲᠠᠢ᠃  ᠮᠠᠨᠵᠤᠤᠷ ᠤᠨ ᠳ᠋ᠦᠸᠧ ᠶᠤᠸᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠨᠢ ᠲᠣᠰ ᠭᠠᠵᠠᠷ ᠣᠷᠣᠨ ᠤ ᠳᠤᠮᠳᠠ ᠵᠢᠵᠢᠭ ᠪᠢᠴᠢᠯ ᠠᠷᠠᠯᠵᠢᠶᠠᠨ ᠤ ᠬᠡᠯᠪᠡᠷᠢ ᠶᠢᠨ ᠠᠵᠤ ᠠᠬᠤᠶᠢᠯᠠᠯ ᠳᠤ ᠦᠷᠭᠦᠯᠵᠢᠯᠡᠨ ᠰᠦᠢᠳᠬᠡᠯ ᠬᠤᠷᠢᠶᠠᠬᠤ ᠦᠭᠡᠢ ᠪᠠᠷ ᠣᠷᠣᠭᠤᠯᠬᠤ᠂ ᠰᠦᠢᠳᠬᠡᠯ ᠬᠤᠷᠢᠶᠠᠬᠤ ᠥᠬᠡᠶ ᠪᠠᠷ ᠪᠣᠯᠪᠠᠰᠤᠷᠠᠯ ᠵᠥᠪᠯᠡᠯᠭᠡ ᠥᠭᠬᠦ᠂ ᠰᠦᠢᠳᠬᠡᠯ ᠬᠤᠷᠢᠶᠠᠬᠤ ᠥᠬᠡᠶ ᠪᠠᠷ ᠠᠵᠢᠯᠯᠠᠬᠤ ᠭᠠᠵᠠᠷ ᠵᠢᠴᠢ ᠮᠠᠰᠢᠨ ᠲᠥᠬᠦᠭᠡᠷᠦᠮᠵᠢ ᠵᠡᠷᠭᠡ ᠦᠢᠯᠡᠴᠢᠯᠡᠭᠡ ᠬᠠᠩᠭᠠᠪᠠ᠃ ᠭᠤᠣᠯ ᠪᠣᠯᠬᠤ ᠲᠤᠬᠠᠶᠢᠯᠠᠭᠰᠠᠨ ᠠᠵᠢᠯ ᠨᠢ ᠬᠥᠮᠥᠷᠭᠡ᠂ ᠪᠣᠭᠤᠮᠲᠠ ᠥᠩᠭᠡᠷᠡᠬᠦ᠂ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ᠂ ᠳᠠᠭᠠᠳᠬᠠᠯ᠂ ᠭᠠᠳᠠᠭᠠᠳᠤ ᠭᠤᠪᠢᠭᠤᠯᠭ᠎ᠠ᠂ ᠤᠯᠠᠨ ᠨᠡᠶᠢᠲᠡ ᠶᠢᠨ ᠭᠠᠳᠠᠭᠠᠳᠤ ᠶᠢᠨ ᠬᠥᠮᠥᠷᠭᠡ᠂ ᠳᠤᠮᠳᠠᠳᠤ ᠤᠷᠤᠰ ᠤᠨ ᠤᠯᠠᠨ ᠤᠯᠤᠰ ᠤᠨ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠵᠥᠪᠯᠡᠯᠭᠡ᠂ ᠤᠷᠤᠰ ᠤᠨ ᠠᠷᠠᠯᠵᠢᠶᠠᠨ ᠤ ᠦᠢᠯᠡᠴᠢᠯᠡᠭᠡ ᠶᠢ ᠣᠷᠣᠯᠠᠨ ᠭᠦᠢᠴᠡᠳᠬᠡᠬᠦ᠂ ᠳᠤᠮᠳᠠᠳᠤ ᠤᠷᠤᠰ ᠤᠨ ᠠᠷᠠᠯᠵᠢᠶᠠᠨ ᠤ ᠲᠠᠪᠴᠠᠩ ᠤᠨ ᠮᠡᠷᠭᠡᠵᠢᠯ ᠤᠨ ᠳᠡᠮᠵᠢᠯᠭᠡ᠂ ᠠᠷᠠᠯᠵᠢᠶᠠᠨ ᠤ ᠠᠵᠤ ᠠᠬᠤᠶᠢᠯᠠᠯ ᠢ ᠨᠡᠪᠴᠢᠭᠦᠯᠬᠦ᠂ ᠠᠷᠠᠯᠵᠢᠶᠠᠨ ᠤ ᠪᠣᠯᠪᠠᠰᠤᠷᠠᠯ ᠵᠢᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠵᠡᠷᠭᠡ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠦᠢᠯᠡᠴᠢᠯᠡᠭᠡᠨ ᠤ ᠲᠦᠷᠦᠯ ᠵᠦᠢᠯ ᠪᠣᠯᠤᠨ᠎ᠠ᠃ ᠣᠲᠣ ᠪᠣᠯᠲᠠᠯ᠎ᠠ᠂ ᠨᠢᠭᠡᠨᠲᠡ 40 ᠭᠠᠳᠠᠭᠠᠳᠤ ᠠᠷᠠᠯᠵᠢᠶᠠᠨ ᠤ ᠲᠥᠷᠥᠯ᠂ ᠦᠢᠯᠡᠴᠢᠯᠡᠭᠡᠨ ᠤ ᠠᠷᠠᠯᠵᠢᠶᠠᠨ ᠤ ᠲᠥᠷᠥᠯ᠂ ᠪᠠᠷᠠᠭᠠᠨ ᠤ ᠣᠷᠣᠯᠠᠬᠤ ᠲᠥᠷᠥᠯ ᠤᠨ ᠬᠠᠮᠢᠶ᠎ᠠ ᠪᠥᠬᠦᠶ ᠠᠵᠤ ᠠᠬᠤᠶᠢᠯᠠᠯ ᠢ ᠬᠦᠷᠢᠶᠡᠯᠡᠩ ᠲᠣᠭᠤᠷᠢᠭ ᠲᠤ ᠲᠡᠳᠡᠨ ᠣᠷᠣᠭᠤᠯᠵᠤ᠂ ᠬᠤᠳᠠᠯᠳᠤᠭᠠᠴᠢᠨ ᠤᠷᠢᠵᠤ ᠣᠷᠣᠭᠤᠯᠬᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠭᠤᠯᠭ᠎ᠠ ᠨᠢ ᠣᠯᠠᠨ ᠤᠯᠤᠰ ᠤᠨ ᠠᠷᠠᠯᠵᠢᠶᠠᠨ ᠤ ᠣᠷᠣᠯᠠᠨ    ᠭᠦᠢᠴᠡᠳᠬᠡᠬᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡ ᠵᠡᠷᠭᠡ ᠳᠤ ᠬᠤᠯᠪᠣᠭᠳᠠᠵᠤ ᠪᠠᠶᠢᠨ᠎ᠠ᠃  ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠠᠷᠠᠯᠵᠢᠶ᠎ᠠ ᠶᠢᠨ ᠭᠤᠣᠯᠳᠠᠯᠭ᠎ᠠ ᠲᠠᠢ ᠪᠣᠶᠢᠵᠢᠭᠤᠯᠬᠤ ᠠᠵᠤ ᠠᠬᠤᠶᠢᠯᠠᠯ - ᠮᠠᠨᠵᠤᠤᠷ ᠤᠨ ᠮᠧᠩ ᠮᠠ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ ᠬᠢᠵᠠᠭᠠᠷᠲᠤ ᠺᠣᠮᠫᠠᠨᠢ  ᠮᠠᠨᠵᠤᠤᠷ ᠤᠨ ᠮᠧᠩ ᠮᠠ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ ᠬᠢᠵᠠᠭᠠᠷᠲᠤ ᠺᠣᠮᠫᠠᠨᠢ ᠨᠢ 2020 ᠣᠨ ᠳᠤ ᠪᠠᠢᠭᠤᠯᠤᠭᠳᠠᠵᠤ᠂ ᠳᠤᠮᠳᠠᠳᠤ ᠤᠯᠤᠰ ᠠᠴᠠ ᠣᠷᠣᠰ᠂ ᠮᠣᠩᠭᠤᠯ᠂ ᠧᠦ᠋ᠷᠣᠫᠠ ᠲᠢᠪ ᠵᠢᠴᠢ  ᠲᠤᠰᠠᠭᠠᠷ ᠤᠯᠤᠰ ᠤᠳ ᠤᠨ ᠬᠤᠯᠪᠤᠭᠠᠲᠤ ᠴᠤᠭᠴᠠᠲᠤ ᠤᠯᠤᠰ  ᠤᠳ ᠤᠨ ᠬᠢᠯᠢ ᠠᠯᠤᠰᠯᠠᠭᠰᠠᠨ ᠵᠠᠰᠠᠮᠠᠯ ᠵᠠᠮ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡ ᠵᠢᠴᠢ ᠪᠠᠷᠠᠭ᠎ᠠ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ ᠺᠣᠮᠫᠠᠨᠢ ᠪᠠᠶᠢᠵᠤ᠂ ᠳᠤᠮᠳᠠᠳᠤ ᠤᠯᠤᠰ ᠤᠨ ᠵᠠᠮ ᠲᠡᠭᠡᠭᠡᠪᠦᠷᠢ ᠶᠢᠨ ᠨᠡᠢᠭᠡᠮᠯᠢᠭ ᠤᠨ ᠭᠡᠰᠢᠭᠦᠨ᠂ ᠳᠤᠮᠳᠠᠳᠤ ᠤᠯᠤᠰ ᠤᠨ ᠪᠣᠭᠤᠮᠲᠠ ᠳᠤ ᠮᠡᠳᠡᠭᠦᠯᠬᠦ ᠨᠡᠢᠭᠡᠮᠯᠢᠭ ᠤᠨ ᠭᠡᠰᠢᠭᠦᠨ᠂ ᠳᠤᠮᠳᠠᠳᠤ ᠤᠯᠤᠰ ᠤᠨ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ ᠨᠡᠢᠭᠡᠮᠯᠢᠭ ᠤᠨ ᠭᠡᠰᠢᠭᠦᠨ ᠪᠣᠯᠤᠨ᠎ᠠ᠃ ᠺᠣᠮᠫᠠᠨᠢ ᠨᠢ ᠳᠤᠮᠳᠠᠳᠤ ᠤᠯᠤᠰ ᠠᠴᠠ ᠣᠷᠣᠰ᠂ ᠮᠣᠩᠭᠤᠯ᠂ ᠳᠤᠮᠳᠠᠳᠤ ᠠᠽᠢᠶ᠎ᠠ᠂ ᠡᠸᠦ᠋ᠷᠦᠫᠡ ᠶᠢᠨ ᠬᠢᠯᠢ ᠠᠯᠤᠰᠯᠠᠭᠰᠠᠨ ᠵᠠᠰᠠᠮᠠᠯ ᠵᠠᠮ ᠤᠨ ᠠᠴᠢᠶᠠᠨ ᠤ ︽ᠡᠭᠦᠳᠡᠨ ᠠᠴᠠ ᠡᠭᠦᠳᠡ ᠳᠤ ᠬᠦᠷᠬᠦ︾ ᠲᠡᠭᠡᠭᠡᠪᠦᠷᠢᠯᠡᠬᠦ ᠦᠢᠯᠡᠴᠢᠯᠡᠭᠡ ᠬᠠᠩᠭᠠᠨ᠎ᠠ᠃ ᠲᠡᠭᠡᠭᠡᠪᠦᠷᠢᠯᠡᠵᠦ ᠪᠣᠯᠬᠤ ᠲᠥᠷᠥᠯ ᠵᠦᠢᠯ ᠳᠤ᠄ ᠡᠩ ᠤᠨ ᠪᠠᠷᠠᠭ᠎ᠠ᠂ ᠬᠡᠮᠵᠢᠶ᠎ᠡ ᠠᠴᠠ ᠬᠡᠲᠦᠷᠡᠭᠰᠡᠨ ᠬᠡᠲᠦ ᠲᠣᠮᠣ ᠵᠦᠢᠯ᠂ ᠠᠶᠤᠯᠲᠠᠶ ᠪᠣᠳᠠᠰ᠂ ᠳᠤᠯᠠᠭᠠᠯᠠᠬᠤ ᠪᠠᠷᠠᠭ᠎ᠠ᠂ ᠲᠥᠷᠥᠯ ᠵᠦᠢᠯ ᠤᠨ ᠪᠠᠷᠠᠭᠠᠨ ᠤ ᠭᠦᠢᠯᠭᠡᠭᠡ ᠵᠡᠷᠭᠡ ᠪᠠᠭᠲᠠᠨ᠎ᠠ︔ 16 ᠵᠦᠢᠯ ᠤᠨ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠳᠤ ᠮᠡᠳᠡᠭᠦᠯᠬᠦ ᠲᠤᠬᠠᠶᠢᠯᠠᠭᠰᠠᠨ ᠠᠵᠢᠯ᠂ ᠬᠥᠮᠥᠷᠭᠡᠯᠡᠨ ᠬᠠᠳᠠᠭᠠᠯᠠᠬᠤ ᠠᠴᠢᠶᠠᠯᠠᠵᠤ ᠪᠠᠭᠤᠯᠭᠠᠬᠤ ᠲᠤᠬᠠᠶᠢᠯᠠᠭᠰᠠᠨ ᠠᠵᠢᠯ᠂ ᠢᠵᠢ ᠪᠥᠷᠢᠳᠦᠭᠦᠯᠬᠦ ᠲᠥᠬᠦᠭᠡᠷᠦᠮᠵᠢ ᠪᠦᠷᠢᠨ ᠭᠦᠢᠴᠡᠳ ᠪᠠᠶᠢᠳᠠᠭ︔ ᠨᠢᠭᠡ ᠤᠳᠠᠭ᠎ᠠ ᠳᠤ ᠭᠤᠶᠤᠴᠢᠯᠠᠨ ᠮᠡᠳᠡᠭᠦᠯᠵᠦ᠂ ᠨᠢᠭᠡ ᠦᠨᠡᠮᠯᠡᠯ ᠢᠶᠠᠷ ᠰᠢᠭᠤᠳ ᠬᠦᠷᠴᠦ᠂ ᠵᠠᠮ ᠳᠠᠭᠠᠤ ᠶᠢᠨ ᠪᠣᠭᠤᠮᠲᠠ ᠪᠠᠷ ᠥᠩᠭᠡᠷᠡᠬᠦ ᠪᠠᠶᠢᠳᠠᠯ ᠢ ᠮᠥᠷᠳᠡᠵᠦ᠂ ᠬᠡᠷᠡᠭᠯᠡᠭᠴᠢᠳ ᠤᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ ᠥᠪᠡᠷ ᠢᠶᠠᠨ ᠡᠵᠡᠩᠨᠡᠭᠰᠡᠨ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ 2000 ᠭᠠᠷᠤᠶ ᠪᠠᠶᠢᠵᠤ᠂ ᠲᠡᠭᠡᠭᠡᠪᠦᠷᠢ ᠶᠢᠨ ᠬᠦᠴᠦᠨ ᠭᠦᠢᠴᠡᠳ ᠪᠠᠶᠢᠳᠠᠭ᠃
2.1-2.png
  ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠠᠷᠠᠯᠵᠢᠶ᠎ᠠ ᠶᠢᠨ ᠭᠤᠣᠯᠳᠠᠯᠭ᠎ᠠ ᠲᠠᠢ ᠪᠣᠶᠢᠵᠢᠭᠤᠯᠬᠤ ᠠᠵᠤ ᠠᠬᠤᠶᠢᠯᠠᠯ - ᠮᠠᠨᠵᠤᠤᠷ ᠤᠨ ᠲᠢᠶᠧ ᠵᠢᠢ ᠣᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ  ᠮᠠᠨᠵᠤᠤᠷ ᠤᠨ ᠲᠢᠶᠧ ᠵᠢᠢ ᠣᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠨᠢ 2017 ᠣᠨ ᠳᠤ ᠪᠠᠢᠭᠤᠯᠤᠭᠳᠠᠵᠤ᠂ ᠣᠷᠣᠰ᠂ ᠵᠡᠭᠦᠨ ᠧᠦ᠋ᠷᠣᠫᠠ᠂ ᠠᠽᠢᠶ᠎ᠠ ᠵᠢᠴᠢ ᠵᠡᠭᠦᠨ ᠡᠮᠦᠨᠡᠲᠦ ᠠᠽᠢᠶ᠎ᠠ ᠶᠢᠨ ᠭᠠᠵᠠᠷ ᠣᠷᠣᠨ ᠳᠤ ᠲᠤᠰᠬᠠᠢ ᠮᠡᠷᠭᠡᠵᠢᠯ ᠢᠶᠠᠷ ᠵᠢᠳᠭᠦᠵᠦ ᠪᠦᠬᠦᠢ ᠣᠯᠠᠨ ᠤᠯᠤᠰ ᠤᠨ ᠡᠳ᠋ ᠪᠠᠷᠠᠭ᠎ᠠ ᠵᠥᠭᠡᠭᠡᠪᠦᠷᠢᠯᠡᠬᠦ ᠦᠢᠯᠡᠴᠢᠯᠡᠭᠡᠨ ᠤ ᠺᠣᠮᠫᠠᠨᠢ ᠪᠣᠯᠤᠨ᠎ᠠ᠃ 2023 ᠣᠨ ᠳᠤ ᠪᠣᠭᠤᠮᠲᠠ ᠶᠢᠨ AEO ᠳᠡᠭᠡᠳᠦ ᠵᠡᠷᠭᠡ ᠶᠢᠨ ᠭᠡᠷᠡᠴᠢᠯᠡᠯ ᠢ ᠣᠯᠣᠭᠰᠠᠨ ᠠᠵᠤ ᠠᠬᠤᠶᠢᠯᠠᠯ ᠪᠣᠯᠣᠨ᠎ᠠ᠃ ᠲᠣᠰ ᠺᠣᠮᠫᠠᠨᠢ ᠨᠢ ᠥᠪᠡᠷ ᠤᠨ ᠡᠵᠡᠩᠨᠡᠭᠰᠡᠨ ᠲᠡᠷᠭᠡ ᠬᠥᠰᠬᠡ᠂ ᠪᠣᠭᠤᠮᠲᠠ ᠳᠤ ᠮᠡᠳᠡᠭᠦᠯᠬᠦ ᠠᠶᠠᠯᠠᠯ᠂ ᠤᠶᠤᠨᠴᠢᠯᠠᠭᠰᠠᠨ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠲᠠᠯᠠᠪᠠᠢ᠂ ᠴᠢᠩᠭᠡᠯᠢᠭ ᠣᠪᠣᠭᠠᠯᠠᠬᠤ ᠲᠠᠯᠠᠪᠠᠢ ᠵᠡᠷᠭᠡ ᠭᠠᠵᠠᠷ ᠳᠡᠭᠡᠷᠡᠬᠢ ᠦᠢᠯᠡᠴᠢᠯᠡᠭᠡᠨ ᠤ ᠡᠬᠢ ᠪᠠᠶᠠᠯᠢᠭ ᠢᠶᠠᠷ ᠦᠢᠯᠡᠴᠢᠯᠡᠭᠡᠨ ᠤ ᠠᠴᠢᠶᠠᠯᠠᠪᠤᠷᠢ ᠪᠣᠯᠭᠠᠵᠤ᠂ ᠬᠠᠭᠤᠷᠠᠶ ᠵᠠᠮ᠂ ᠲᠡᠮᠦᠷ ᠵᠠᠮ᠂ ᠤᠰᠤᠨ ᠲᠡᠭᠡᠭᠡᠪᠦᠷᠢ ᠵᠡᠷᠭᠡ ᠣᠯᠠᠨ ᠡᠰᠢᠵᠢᠭᠰᠡᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢᠶᠠᠷ ᠦᠢᠯᠡᠴᠢᠯᠡᠭᠡᠨ ᠤ ᠣᠨᠴᠠᠯᠢᠭ ᠪᠣᠯᠭᠠᠵᠤ᠂ ᠣᠯᠠᠨ ᠵᠢᠯ ᠤᠨ ᠠᠵᠢᠯ ᠲᠥᠷᠥᠯ ᠤᠨ ᠲᠤᠷᠰᠢᠯᠭ᠎ᠠ ᠲᠠᠢ ᠲᠤᠰᠬᠠᠶ ᠮᠡᠷᠭᠡᠵᠢᠯ ᠤᠨ ᠪᠦᠯᠬᠦᠮ ᠢᠶᠠᠷ ᠦᠢᠯᠡᠴᠢᠯᠡᠭᠡᠨ ᠤ ᠪᠠᠲᠤᠯᠠᠭ᠎ᠠ ᠪᠣᠯᠭᠠᠵᠤ᠂ ᠬᠡᠷᠡᠭᠯᠡᠭᠴᠢᠳ ᠲᠤ ︽ᠡᠭᠦᠳᠡᠨ ᠠᠴᠠ ᠡᠭᠦᠳᠡ ᠳᠤ ᠬᠦᠷᠬᠦ︾ ᠪᠥᠬᠦ ᠶᠠᠪᠤᠴᠠ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠳᠤ ᠤᠯᠠᠨ ᠤᠯᠤᠰ ᠤᠨ ᠡᠳ᠋ ᠪᠠᠷᠠᠭ᠎ᠠ ᠶᠢᠨ ᠲᠡᠭᠡᠭᠡᠪᠦᠷᠢ ᠶᠢᠨ ᠣᠷᠣᠯᠠᠨ ᠭᠦᠢᠴᠡᠳᠬᠡᠬᠦ᠂ ᠤᠯᠤᠰ ᠤᠨ ᠳᠣᠲᠣᠭᠠᠳᠤ ᠶᠢᠨ ᠡᠳ᠋ ᠪᠠᠷᠠᠭ᠎ᠠ ᠶᠢᠨ ᠲᠡᠭᠡᠭᠡᠪᠦᠷᠢ ᠶᠢᠨ ᠣᠷᠣᠯᠠᠨ ᠭᠦᠢᠴᠡᠳᠬᠡᠬᠦ᠂ ᠵᠠᠮ ᠤᠨ ᠡᠳ᠋ ᠪᠠᠷᠠᠭ᠎ᠠ ᠶᠢᠨ ᠲᠡᠭᠡᠭᠡᠪᠦᠷᠢ᠂ ᠲᠡᠮᠦᠷ ᠵᠠᠮ ᠤᠨ ᠡᠳ᠋ ᠪᠠᠷᠠᠭ᠎ᠠ ᠶᠢᠨ ᠲᠡᠭᠡᠭᠡᠪᠦᠷᠢ᠂ ᠠᠴᠢᠶᠠᠯᠠᠵᠤ ᠪᠠᠭᠤᠯᠭᠠᠬᠤ ᠵᠥᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠣᠷᠣᠯᠠᠨ ᠭᠦᠢᠴᠡᠳᠬᠡᠬᠦ ᠵᠡᠷᠭᠡ ᠪᠠᠭᠲᠠᠨ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠣᠷᠣᠯᠠᠨ ᠭᠦᠢᠴᠡᠳᠬᠡᠬᠦ ᠭᠤᠣᠯ ᠪᠣᠯᠬᠤ ᠡᠳ᠋ ᠪᠠᠷᠠᠭ᠎ᠠ ᠳᠤ ᠬᠠᠷ᠎ᠠ ᠲᠤᠭᠤᠯᠭ᠎ᠠ ᠶᠢᠨ ᠨᠠᠷᠢᠯᠢᠭ ᠬᠦᠳᠡᠷ᠂ ᠴᠠᠶᠢᠷ ᠤᠨ ᠨᠠᠷᠢᠯᠢᠭ ᠬᠦᠳᠡᠷ ᠵᠡᠷᠭᠡ ᠠᠭᠤᠷᠬᠠᠢ ᠶᠢᠨ ᠨᠤᠨᠲᠠᠭ᠂ ᠴᠠᠭᠠᠰᠤᠨ ᠡᠭᠡᠳᠡᠩ᠂ ᠲᠡᠪᠬᠡ ᠬᠥᠩᠭᠡᠨᠴᠠᠭᠠᠨ᠂ ᠠᠮᠤ ᠪᠤᠳᠠᠭ᠎ᠠ ᠵᠢᠴᠢ ᠭᠠᠳᠠᠭᠠᠳᠤ ᠳᠤ ᠭᠠᠷᠭᠠᠬᠤ ᠠᠭᠤᠷᠬᠠᠢ ᠶᠢᠨ ᠬᠤᠷᠣᠭᠳᠠᠯ ᠮᠠᠲ᠋ᠧᠷᠢᠶᠠᠯ ᠪᠠ ᠮᠠᠰᠢᠨ ᠲᠥᠬᠦᠭᠡᠷᠦᠮᠵᠢ ᠵᠡᠷᠭᠡ ᠶᠢ ᠪᠠᠭᠲᠠᠭᠠᠵᠤ᠂ ᠵᠢᠯ ᠤᠨ ᠵᠥᠭᠡᠭᠡᠪᠦᠷᠢᠯᠡᠬᠦ ᠬᠡᠮᠵᠢᠶ᠎ᠡ ᠨᠢ 280 ᠭᠠᠷᠤᠢ ᠲᠦᠮᠡᠨ ᠲᠣᠨ᠂ 10 ᠭᠠᠷᠤᠢ ᠲᠦᠮᠡᠨ ᠴᠢᠩᠭᠡᠯᠢᠭ ᠢ ᠪᠡᠶᠡᠯᠡᠭᠦᠯᠵᠦ ᠪᠣᠯᠣᠨ᠎ᠠ᠃   
 
ᠢᠷᠡᠯᠲᠡ᠄ ᠦᠢᠯᠡᠴᠢᠯᠡᠭᠡᠨ ᠤ ᠠᠷᠠᠯᠵᠢᠶᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号