ᠸᠠᠩ ᠯᠢ ᠰᠢᠶᠠ ᠮᠥᠩᠭᠦᠨ ᠭᠦᠢᠯᠭᠡᠭᠡ ᠬᠢᠨᠠᠨ ᠪᠣᠳᠣᠯᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/21
  2 ᠰᠠᠷ᠎ᠠ ᠶᠢᠨ 19 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠂ ᠬᠢᠨᠠᠨ ᠪᠤᠳᠤᠬᠤ ᠲᠢᠩᠬᠢᠮ ᠪᠣᠯᠣᠨ ︽ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢᠶᠠᠷ ᠲᠣᠭᠤᠷᠢᠨ ᠦᠵᠡᠵᠦ ᠂ ᠠᠵᠢᠯ ᠢ ᠪᠠᠶᠢᠴᠠᠭᠠᠨ ᠰᠤᠳᠤᠯᠵᠤ ᠂ ᠺᠠᠳ᠋ᠷ ᠠᠵᠢᠯᠲᠠᠳ ᠢ ᠲᠣᠬᠤᠨᠢᠭᠤᠯᠪᠠ ᠃
2.21-1.jpg
2.21-2.jpg
  ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠳᠤ ᠂ ᠸᠠᠩ ᠯᠢ ᠰᠢᠶᠠ ᠮᠥᠩᠭᠦᠨ ᠭᠦᠢᠯᠭᠡᠭᠡᠨ ᠤ ᠬᠦᠴᠢᠷ ᠢ ᠲᠤᠭᠤᠯᠤᠨ ᠪᠠᠶᠢᠳᠠᠯ ᠢ ᠬᠤᠪᠢᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠣᠭᠤᠷᠢᠨ ᠳᠤ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠡᠯ᠎ᠡ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠪᠠ ᠃ ᠲᠡᠷᠡ ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠢᠷ ᠢ ᠲᠤᠭᠤᠯᠤᠨ ᠪᠠᠶᠢᠳᠠᠯ ᠢ ᠬᠤᠪᠢᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠮᠥᠩᠭᠦᠨ ᠭᠦᠢᠯᠭᠡᠭᠡᠨ ᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠪᠣᠬᠢᠷᠳᠤᠯ ᠦᠭᠡᠢ ᠂ ᠲᠦᠭᠡᠮᠡᠯ ᠬᠠᠷᠠᠭᠠᠯᠵᠠᠯᠲᠤ ᠂ ᠨᠠᠰᠤᠵᠢᠯ ᠤᠨ ᠠᠰᠠᠷᠠᠮᠵᠢ ᠂ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠃ ︽ ᠲᠠᠪᠤᠨ ᠶᠡᠭᠡ ᠡᠭᠦᠷᠭᠡ ︾ ᠂ ︽ ᠵᠢᠷᠭᠤᠭᠠᠨ ᠢᠨᠵᠧᠨᠧᠷᠢᠩ ︾ ᠳᠤ ᠠᠩᠬᠠᠷᠤᠯ ᠢᠶᠠᠨ ᠲᠥᠪᠯᠡᠷᠡᠭᠦᠯᠵᠦ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠪᠠᠩᠬᠢ ᠶᠢᠨ ᠡᠷᠡᠭᠦᠯ ᠪᠤᠰᠤ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ ᠂ ᠥᠨᠳᠥᠷ ᠠᠶᠤᠯ ᠲᠦᠭᠰᠢᠭᠦᠷᠢ ᠳᠤ ᠣᠶᠢᠷᠠᠲᠤᠭᠰᠠᠨ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠡᠢ ᠃
2.21-3.jpg
  ᠬᠢᠨᠠᠨ ᠪᠤᠳᠤᠬᠤ ᠲᠢᠩᠬᠢᠮ ᠳᠤ ᠂ ᠸᠠᠩ ᠯᠢ ᠰᠢᠶᠠ ᠬᠢᠨᠠᠨ ᠪᠤᠳᠤᠬᠤ ᠲᠥᠷᠥᠯ ᠵᠦᠢᠯ ᠤᠨ ︽ ᠰᠢᠯᠢᠳᠡᠭ ᠪᠠ ᠮᠠᠭᠤ ᠶᠢ ᠦᠨᠡᠯᠡᠬᠦ ︾ ᠲᠣᠭᠲᠠᠴᠠ ᠂ ᠲᠣᠮᠣ ᠳ᠋ᠠᠶᠢᠲ᠋ᠠ ᠶᠢᠨ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠬᠤᠷᠢᠶ᠎ᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠂ ᠬᠢᠨᠠᠨ ᠪᠤᠳᠤᠬᠤ ᠪᠠᠶᠢᠭᠤᠯᠭ᠎ᠠ ᠪᠣᠯ ᠡᠩ ᠲᠡᠷᠢᠭᠦᠨ ᠳᠤ ᠤᠯᠤᠰ ᠲᠥᠷᠥ ᠶᠢᠨ ᠪᠠᠶᠢᠭᠤᠯᠭ᠎ᠠ ᠪᠤᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠬᠢᠨᠠᠨ ᠪᠤᠳᠤᠬᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠨᠠᠨ ᠪᠣᠳᠣᠯᠲᠠ ᠶᠢ ᠴᠢᠩᠭᠠᠳᠬᠠᠬᠤ ︾ ᠠᠵᠢᠯ ᠢ ᠬᠦᠴᠦᠯᠡᠨ ᠰᠠᠶᠢᠲᠤᠷ ᠠᠳᠬᠤᠵᠤ ᠂ ᠴᠢᠩᠭ᠎ᠠ ᠬᠦᠴᠦᠲᠡᠢ ᠬᠢᠨᠠᠨ ᠪᠤᠳᠤᠬᠤ ᠡᠩᠨᠡᠭᠡ ᠶᠢ ᠬᠦᠴᠦᠯᠡᠨ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠬᠢᠨᠠᠨ ᠪᠣᠳᠣᠯᠲᠠ ᠶᠢᠨ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃
2.21-4.jpg
2.21-5.jpg
2.21-6.jpg
  ᠸᠠᠩ ᠯᠢ ᠰᠢᠶᠠ ︽ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠢᠷᠡᠵᠦ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠲᠠᠯ᠎ᠠ ᠪᠠᠷ ᠵᠣᠷᠢᠭᠲᠠᠢ ᠪᠠᠷ ᠤᠷᠤᠭᠰᠢᠯᠠᠨ ᠬᠥᠭᠡᠭᠡᠵᠦ ᠭᠦᠢᠴᠡᠨ ᠂ ᠮᠠᠨ ᠤ ᠣᠷᠣᠨ ᠤ ᠵᠠᠬ᠎ᠠ ᠳᠡᠯᠭᠡᠭᠦᠷ ᠪᠠ ᠠᠵᠤ ᠦᠢᠯᠡᠰ ᠲᠤ ᠣᠶᠢᠷᠠᠲᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠰᠠᠶᠢᠨ ᠬᠥᠭᠦᠷᠭᠡ ᠬᠤᠯᠪᠣᠭᠠᠰᠤ ᠪᠤᠯᠬᠤ ᠬᠡᠷᠡᠭᠲᠡᠢ ᠃ ︽ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ ︾ ᠨᠢ ᠴᠢᠳᠠᠪᠤᠷᠢᠲᠠᠨ ᠢ ᠳᠠᠭᠠᠵᠤ ᠶᠠᠪᠤᠬᠤ ᠬᠡᠷᠡᠭᠲᠡᠢ ᠂ ᠰᠢᠯᠢᠳᠡᠭ ᠣᠷᠴᠢᠨ ᠨᠥᠬᠦᠴᠡᠯ ᠢ ᠪᠦᠷᠢᠯᠳᠦᠭᠦᠯᠦᠨ ᠥᠭᠴᠦ ᠪᠠᠶᠢᠭᠠᠳ ᠴᠢᠳᠠᠪᠤᠷᠢᠲᠠᠨ ᠢ ᠲᠠᠲᠠᠵᠤ ᠲᠡᠶᠢᠯᠭᠦ ᠪᠠᠷ ᠪᠠᠷᠠᠬᠤ ᠦᠭᠡᠢ ᠪᠠᠰᠠ ᠴᠢᠳᠠᠪᠤᠷᠢᠲᠠᠨ ᠤ ᠴᠢᠯᠦᠭᠡᠲᠡᠢ ᠪᠠᠷ ᠡᠷᠳᠡᠮ ᠴᠢᠳᠠᠪᠤᠷᠢ ᠪᠠᠨ ᠪᠠᠳᠠᠷᠠᠭᠤᠯᠬᠤ ᠶᠢ ᠵᠣᠷᠢᠭᠵᠢᠭᠤᠯᠵᠤ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠂ ᠴᠧᠩᠳᠦ᠋ ᠴᠦᠩᠴᠢᠩ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠭᠠᠵᠠᠷ ᠣᠷᠣᠨ ᠰᠤᠨᠳᠠᠯᠠᠭᠰᠠᠨ ᠲᠠᠪᠴᠠᠩ ᠢ ᠰᠦᠪᠡᠭᠴᠢᠯᠡᠨ ᠪᠠᠶᠢᠭᠤᠯᠵᠤ ᠂ ︽ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ ︾ ᠲᠠᠪᠴᠠᠩ ᠤᠨ 2.0 ᠬᠡᠪ ᠢ ᠰᠠᠶᠢᠲᠤᠷ ᠴᠣᠭᠴᠠᠯᠠᠵᠤ ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃  ᠬᠤᠸᠠᠩ ᡁᠢ ᠴᠢᠶᠠᠩ ᠂ ᠪᠦᠦ ᠰᠢᠶᠠᠨ ᠬᠤᠸᠠ ᠂ ᠰᠦᠨ ᠵᠢᠶᠦ᠋ᠨ ᠴᠢᠩ ᠲᠤᠰ ᠲᠤᠰ ᠠᠵᠢᠯᠯᠠᠭ᠎ᠠ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号