ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 2023 ᠣᠨ ᠤ ᠰᠢᠯᠭᠠᠨ ᠬᠢᠨᠠᠬᠤ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/28
  2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 2023 ᠣᠨ ᠤ ᠬᠢᠨᠠᠨ ᠰᠢᠯᠭᠠᠬᠤ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠲᠢᠩᠬᠢᠮ ᠤᠨ ᠤᠳᠤᠷᠢᠳᠤᠯᠭ᠎ᠠ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠵᠢᠴᠢ ᠪᠣᠭᠤᠮᠲᠠ ᠶᠢᠨ ᠠᠯᠪᠠᠨ ᠬᠡᠷ ᠤᠨ ᠪᠠᠶᠢᠭᠤᠯᠭ᠎ᠠ ᠶᠢᠨ ᠪᠥᠬᠦ ᠺᠠᠳ᠋ᠷ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂ ᠡᠯ᠎ᠡ ᠭᠠᠵᠠᠷ ᠠᠯᠪᠠᠨ ᠬᠡᠷ ᠵᠢᠴᠢ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ᠂ 2023 ᠣᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠵᠢᠯ ᠤᠨ ᠲᠣᠬᠢᠷᠠᠭᠤᠯᠤᠯᠲᠠ ᠵᠡᠷᠭᠡ ᠶᠢᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠠᠮᠵᠢᠯᠲᠠ ᠪᠠᠨ ᠪᠥᠬᠦ ᠲᠠᠯ᠎ᠠ ᠪᠠᠷ ᠳ᠋ᠦᠩᠨᠡᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠠᠵᠢᠯ ᠤᠨ ᠬᠠᠷᠠᠯᠲᠠ ᠪᠠ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ᠃
2.28-2.png
  2023 ᠣᠨ ᠳᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠵᠢᠴᠢ ᠪᠣᠭᠤᠮᠲᠠ ᠶᠢᠨ ᠠᠯᠪᠠᠨ ᠬᠡᠷ ᠤᠨ ᠡᠯ᠎ᠡ ᠭᠠᠵᠠᠷ ᠠᠯᠪᠠᠨ ᠲᠠᠰᠤᠭ᠂ ᠨᠢᠭᠡᠴᠢ ᠪᠤᠳᠤᠯᠢᠶᠠᠨᠲᠠᠶ ᠬᠦᠨᠳᠦ ᠬᠡᠴᠡᠭᠦᠦ ᠭᠠᠳᠠᠭᠠᠳᠤ ᠣᠷᠴᠢᠨ ᠪᠠ ᠵᠢᠱᠢᠭᠰᠡᠨ ᠬᠦᠴᠢᠷᠳᠡᠯ ᠠᠴᠠ ᠳᠠᠪᠠᠭᠰᠠᠨ ᠥᠷᠢᠰᠥᠯᠳᠦᠭᠡᠨ ᠤ ᠪᠠᠶᠢᠳᠠᠯ ᠳᠣᠤᠷ᠎ᠠ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠯᠬᠦᠮᠳᠡᠨ ᠨᠢᠭᠡᠳᠴᠦ᠂ ︽ᠭᠤᠷᠪᠠᠨ ᠶᠡᠭᠡ ᠰᠢᠪᠲᠤᠯᠤᠯᠲᠠ᠂ ᠳᠥᠷᠪᠡᠨ ᠶᠡᠭᠡ ᠳᠡᠭᠡᠭᠰᠢᠯᠡᠯᠲᠡ︾ ᠶᠢᠨ ᠰᠠᠶᠢᠨ ᠠᠮᠵᠢᠯᠲᠠ ᠣᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠳ᠋ᠦᠩᠨᠡᠯᠲᠡ ᠶᠢᠨ ᠶᠠᠷᠢᠶᠠᠨ ᠳᠠᠭᠠᠨ ᠡᠯ᠎ᠡ ᠭᠠᠵᠠᠷ ᠠᠯᠪᠠᠨ ᠲᠠᠰᠤᠭ᠂ ᠨᠢᠭᠡᠴᠢ ᠶᠢᠨ 2023 ᠣᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠠᠯᠪᠠᠨ ᠲᠠᠰᠤᠭ᠂ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠵᠠᠮ ᠢ ᠨᠡᠭᠡᠭᠡᠬᠦ᠂ ᠳᠤᠮᠳᠠᠳᠤ ᠤᠯᠤᠰ ᠲᠤ ᠣᠷᠣᠬᠤ ᠬᠠᠷᠠᠯᠲᠠ ᠶᠢ ᠲᠣᠭᠲᠠᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ︽ᠲᠤᠯᠤᠭᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ 2024 ᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ︕ 
 
ᠢᠷᠡᠯᠲᠡ᠄ ᠠᠵᠢᠯᠲᠠᠨ ᠤ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号