︽ᠠᠷᠪᠠᠨ ᠳᠥᠷᠪᠡᠳᠦᠭᠡᠷ ᠡᠪᠦᠯ︾ ᠤᠨ ᠭᠠᠯ ᠪᠠᠮᠪᠠᠷ ᠳᠠᠮᠵᠢᠭᠤᠯᠤᠯᠲᠠ ᠠᠮᠵᠢᠯᠲᠠ ᠲᠠᠢ ᠲᠡᠭᠦᠰᠪᠡ  ᠯᠢ ᠶᠢᠩ ᠴᠤᠸᠠᠨ ᠭᠠᠯ ᠪᠠᠮᠪᠠᠷ ᠠᠰᠠᠭᠠᠵᠤ  ᠶᠣᠣ ᠶᠦᠩ ᠪᠥᠸᠧ ᠠᠷᠢᠭᠤᠨ ᠬᠤᠪᠣᠩ ᠢ ᠠᠰᠠᠭᠠᠪᠠ
ᠨᠡᠶᠢᠲᠡᠯᠡᠭᠰᠡᠨ ᠴᠠᠭ᠄
2024/2/4
  2 ᠳ᠋ᠤᠭᠠᠷ ᠰᠠᠷ᠎ᠠ ᠶᠢᠨ 3 ᠤ ᠡᠳᠦᠷ᠂ 2024 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠤᠯᠲᠠ ᠬᠥᠯᠥᠨ ᠪᠤᠶᠢᠷ ᠬᠤᠲᠠ ᠳᠤ ᠶᠠᠪᠤᠭᠳᠠᠪᠠ᠃  ︽ ᠠᠷᠪᠠᠨ ᠳᠥᠷᠪᠡᠳᠦᠭᠡᠷ ᠡᠪᠦᠯ ︾ ᠤᠨ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠠᠷᠢᠭᠤᠨ ᠬᠤᠪᠣᠩ ᠢ ᠠᠰᠠᠭᠠᠪᠠ ᠃ ︽ ᠠᠷᠪᠠᠨ ᠳᠥᠷᠪᠡᠳᠦᠭᠡᠷ ᠡᠪᠦᠯ ︾ ᠤᠨ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ ᠯᠢ ᠶᠢᠩ ᠴᠤᠸᠠᠨ ᠭᠠᠯ ᠪᠠᠮᠪᠠᠷ ᠢ ᠠᠰᠠᠭᠠᠭᠰᠠᠨ ᠪᠥᠭᠡᠳ ᠭᠠᠯ ᠪᠠᠮᠪᠠᠷ ᠳᠠᠮᠵᠢᠭᠤᠯᠤᠯᠲᠠ ᠡᠬᠢᠯᠡᠭᠰᠡᠨ ᠢ ᠵᠠᠷᠯᠠᠪᠠ ᠃  ᠲᠣᠰ ᠤᠳᠠᠭ᠎ᠠ ᠶᠢᠨ ᠭᠠᠯ ᠪᠠᠮᠪᠠᠷ ᠳᠠᠮᠵᠢᠭᠤᠯᠬᠤ ᠱᠤᠭᠤᠮ ᠤᠨ ᠪᠥᠬᠦ ᠣᠷᠳᠣ ᠨᠢ 230 ᠺᠢᠯᠣᠮᠧᠲᠷ    ᠪᠠᠶᠢᠵᠤ᠂ ᠮᠠᠨᠵᠤᠤᠷ ᠤᠨ ᠤᠯᠤᠰ ᠤᠨ ᠡᠭᠦᠳᠡ ᠠᠴᠠ ᠡᠬᠢᠯᠡᠵᠦ ᠂ ᠬᠠᠭᠤᠴᠢᠨ ᠪᠠᠷᠭᠤ ᠬᠤᠰᠢᠭᠤ᠂ ᠬᠠᠶᠢᠯᠠᠷ ᠲᠣᠭᠤᠷᠢᠭ ᠢᠶᠠᠷ ᠥᠩᠭᠡᠷᠡᠨ ᠂ ︽ᠠᠷᠪᠠᠨ ᠳᠥᠷᠪᠡᠳᠦᠭᠡᠷ ᠡᠪᠦᠯ︾ ᠤᠨ ᠭᠤᠣᠯ ᠲᠠᠯᠠᠪᠠᠶ ᠶᠢᠨ ᠣᠷᠳᠣᠨ ᠪᠣᠯᠬᠤ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠪᠣᠯᠪᠠᠰᠤᠷᠠᠯ ᠤᠨ ᠲᠥᠪ ᠲᠤ ᠭᠠᠯ ᠬᠤᠷᠢᠶᠠᠬᠤ ᠶᠣᠰᠣᠯᠠᠯ ᠶᠠᠪᠤᠭᠤᠯᠪᠠ᠃ 65 ᠭᠠᠯ ᠪᠠᠮᠪᠠᠷᠴᠢᠨ ᠭᠦᠶᠦᠬᠦ᠂ ᠮᠠᠰᠢᠨ ᠪᠠᠷᠢᠬᠤ ᠂ ᠮᠣᠷᠢ ᠤᠨᠤᠬᠤ᠂ ᠴᠠᠰᠤᠲᠤ ᠭᠠᠵᠠᠷ ᠤᠨ ᠮᠣᠲ᠋ᠣᠷ ᠤᠨᠤᠬᠤ ᠵᠡᠷᠭᠡ ᠬᠡᠯᠪᠡᠷᠢ ᠪᠠᠷ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠳᠠᠮᠵᠢᠭᠤᠯᠵᠠᠢ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号