ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠠᠪᠤᠭᠳᠠᠭᠤᠯᠤᠪᠠ    1 ᠬᠤᠪᠢ ᠪᠥᠬᠦ ᠪᠦᠯᠬᠦᠮ ᠤᠨ ᠰᠠᠨᠠᠭᠤᠯᠭ᠎ᠠ 120 ᠬᠤᠪᠢ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠳᠡᠪᠰᠢᠭᠦᠯᠵᠡᠢ
ᠨᠡᠶᠢᠲᠡᠯᠡᠭᠰᠡᠨ ᠴᠠᠭ᠄
2024/3/11
      3 ᠰᠠᠷ᠎ᠠ ᠶᠢᠨ 10 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠠᠪᠤᠭᠳᠠᠭᠤᠯᠵᠤ ᠂ ᠲᠥᠯᠥᠭᠡᠯᠡᠭᠴᠢᠳ ᠤᠨ ᠪᠦᠯᠬᠦᠮ ᠤᠨ ᠰᠣᠨᠢᠨ ᠮᠡᠳᠡᠭᠡᠨ ᠤ ᠥᠭᠦᠯᠡᠭᠴᠢ ᠬᠤᠸ ᠰᠥᠩ ᠱᠠᠨ ᠲᠥᠯᠥᠭᠡᠯᠡᠭᠴᠢᠳ ᠤᠨ ᠪᠦᠯᠬᠦᠮ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃      ᠬᠤᠤ ᠰᠦᠩ ᠱᠠᠨ ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠨᠡᠶᠢᠲᠡ 58 ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ ᠃ ᠬᠤᠷᠠᠯ ᠤᠨ ᠬᠤᠭᠤᠴᠠᠭᠠᠨ ᠳᠤ ᠂ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠢ 3 ᠤᠳᠠᠭ᠎ᠠ ᠂ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ 8 ᠤᠳᠠᠭ᠎ᠠ ᠲᠣᠬᠢᠷᠠᠭᠤᠯᠵᠤ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠲᠥᠯᠥᠪᠯᠡᠭᠡ ᠶᠢᠨ ᠮᠡᠳᠡᠭᠦᠯᠦᠯᠲᠡ ᠪᠠ ᠲᠥᠰᠥᠯ ᠂ ᠲᠥᠰᠥᠪ ᠤᠨ ᠮᠡᠳᠡᠭᠦᠯᠦᠯᠲᠡ ᠪᠠ ᠲᠥᠰᠥᠯ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠂ ᠠᠷᠠᠳ ᠤᠨ ᠳᠡᠭᠡᠳᠦ ᠰᠢᠬᠦᠭᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠬᠦ ᠲᠥᠯᠥᠭᠡᠯᠡᠭᠴᠢᠳ ᠶᠡᠷᠦᠩᠬᠡᠢ ᠱᠦᠵᠢ ᠰᠢ  ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠭᠤᠮᠢᠨᠳᠠᠩ ᠤᠨ ᠬᠤᠪᠢᠰᠬᠠᠯᠲᠤ ᠬᠤᠷᠢᠶ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠂ ᠣᠷᠴᠢᠨ ᠠᠬᠤᠢ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠵᠦ ᠦᠵᠡᠬᠦ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ ᠃ ᠪᠦᠬᠦ ᠲᠥᠯᠥᠭᠡᠯᠡᠭᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ ᠪᠣᠳᠣᠯ ᠢᠶᠠᠷ ᠶᠡᠭᠡ ᠬᠤᠷᠠᠯ ᠤᠨ ᠪᠦᠬᠦᠳᠡ ᠬᠤᠷᠠᠯ ᠂ ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠪᠠ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠳᠤ ᠴᠠᠭ ᠲᠤᠬᠠᠢ ᠳᠤᠨᠢ ᠣᠷᠣᠯᠴᠠᠵᠤ ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠶᠤᠨ ᠴᠢᠳᠠᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠰᠠᠨᠠᠯ ᠵᠥᠪᠯᠡᠯᠭᠡ ᠪᠠ ᠮᠡᠳᠡᠭᠦᠯᠦᠯᠲᠡ ᠶᠢ ᠬᠢᠨᠠᠨ ᠵᠥᠪᠯᠡᠵᠦ ᠂ ᠬᠤᠷᠠᠯ ᠤᠨ ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠪᠬᠢᠲᠡᠢ ᠪᠠᠷ ᠦᠭᠡ ᠬᠡᠯᠡᠵᠦ᠂ ᠭᠤᠣᠯᠳᠠᠯᠭ᠎ᠠ ᠶᠢ ᠠᠳᠬᠤᠨ᠂ ᠶᠡᠭᠡ ᠶᠠᠪᠤᠳᠠᠯ ᠢ ᠵᠥᠪᠯᠡᠵᠦ ᠂ ᠦᠨᠡᠨ ᠦᠭᠡ ᠬᠡᠯᠡᠵᠦ ᠂ ᠪᠣᠳᠠᠲᠠᠢ ᠠᠷᠭ᠎ᠠ ᠭᠠᠷᠭᠠᠵᠤ ᠂ ᠤᠯᠤᠰ ᠤᠨ ᠶᠡᠭᠡ ᠶᠠᠪᠤᠳᠠᠯ ᠢ ᠬᠠᠮᠲᠤ ᠪᠠᠷ ᠵᠥᠪᠳᠡᠯᠴᠡᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠪᠡ᠃ ᠲᠥᠯᠥᠭᠡᠯᠡᠭᠴᠢᠳ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠷ ᠪᠠᠳᠠᠷᠠᠭᠤᠯᠵᠤ ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ ᠂ ᠠᠷᠠᠳ ᠤᠯᠠᠨ ᠤ ᠬᠦᠰᠡᠯ ᠱᠠᠭᠠᠷᠳᠠᠯᠭ᠎ᠠ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠦᠰᠡᠯ ᠰᠠᠨᠠᠭ᠎ᠠ ᠶᠢ ᠦᠨᠡᠨ ᠬᠦ ᠲᠤᠰᠬᠠᠪᠠ ᠃ ᠡᠭᠦᠨ ᠤ ᠵᠡᠷᠭᠡ ᠪᠠᠷ᠂ ᠲᠥᠯᠥᠭᠡᠯᠡᠭᠴᠢᠳ ᠪᠠᠰᠠ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ︽ ᠵᠢᠷᠭᠤᠭᠠᠨ ᠢᠨᠵᠧᠨᠧᠷᠢᠩ ︾  ᠢ ᠰᠠᠶᠢᠲᠤᠷ ᠬᠡᠷᠡᠭᠵᠢᠭᠦᠯᠵᠦ ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠳᠡᠮᠵᠢᠯᠭᠡ ᠭᠤᠶᠤᠴᠢᠯᠠᠨ᠂ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠵᠡᠢ ᠭᠡᠵᠦ ᠲᠠᠨᠢᠯᠴᠠᠭᠤᠯᠪᠠ᠃      3 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ‌ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠡᠨ ᠵᠥᠪᠯᠡᠬᠦ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ 3 ᠰᠠᠷ᠎ᠠ ᠶᠢᠨ 6 ᠤ ᠦᠳᠡ ᠶᠢᠨ ᠬᠤᠶᠢᠨ᠎ᠠ᠂ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠥᠬᠦᠳᠡ ᠬᠤᠷᠠᠯ ᠬᠢᠵᠦ᠂ ᠪᠥᠬᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠵᠤ ᠪᠠᠶᠢᠭ᠎ᠠ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠭᠡᠭᠡᠯᠲᠡ ᠬᠢᠬᠦ ᠶᠢᠨ ᠵᠡᠷᠭᠡ ᠪᠠᠷ ᠬᠠᠮᠲᠤ ᠶᠢᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠳᠤᠮᠳᠠᠳᠤ ᠭᠠᠳᠠᠭᠠᠳᠤ   ᠶᠢᠨ 23 ᠵᠠᠭᠤᠴᠢᠯᠠᠭᠤᠷ ᠤᠨ 43 ᠰᠤᠷᠪᠤᠯᠵᠢᠯᠠᠭᠴᠢ ᠰᠤᠷᠪᠤᠯᠵᠢᠯᠠᠬᠤ ᠪᠠᠷ ᠢᠷᠡᠵᠡᠶ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ ᠂ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠵᠧᠩ ᠬᠤᠩ ᠹᠠᠨ ᠬᠠᠮᠲᠤ ᠶᠢᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠡᠷᠬᠢᠯᠡᠵᠦ ᠂ 8 ᠲᠥᠯᠥᠭᠡᠯᠡᠭᠴᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃ ᠠᠰᠠᠭᠤᠯᠲᠠ ᠬᠠᠷᠢᠭᠤᠯᠲᠠ ᠶᠢᠨ ᠳᠤᠮᠳᠠ ᠂ ᠪᠦᠯᠬᠦᠮᠳᠡᠨ ᠲᠡᠮᠡᠴᠡᠭᠰᠡᠨ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠤᠯᠠᠨ ᠤ ᠡᠮᠦᠨ᠎ᠡ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠪᠦᠯᠬᠦᠮ ᠳᠤᠭᠤᠶᠢᠯᠠᠩ ᠤᠨ ᠨᠡᠭᠡᠭᠡᠯᠲᠡ ᠬᠢᠬᠦ ᠠᠵᠢᠯᠯᠠᠭ᠎ᠠ ᠨᠢ ᠥᠪᠥᠷ ᠮᠣᠩᠭᠤᠯ ᠤᠨ ᠬᠦᠴᠢᠷ ᠪᠡᠷᠬᠡ ᠶᠢ ᠲᠡᠰᠪᠦᠷᠢᠯᠡᠵᠦ ᠰᠢᠨ᠎ᠡ ᠵᠠᠮ ᠢ ᠨᠡᠭᠡᠭᠡᠬᠦ ᠂ ᠴᠤᠴᠠᠯᠲᠠ ᠦᠭᠡᠢ ᠤᠷᠤᠭᠰᠢᠯᠠᠵᠤ ᠳᠤᠮᠳᠠ ᠤᠷᠤᠰᠬᠠᠯ ᠳᠤ ᠣᠷᠣᠬᠤ ᠰᠦᠷ ᠳᠠᠯᠠᠶᠢᠴᠠᠲᠠᠢ ᠬᠦᠴᠦᠨ ᠢ ᠭᠦᠢᠴᠡᠳ ᠬᠠᠷᠠᠭᠤᠯᠵᠠᠢ ᠃      ᠬᠤᠷᠠᠯ ᠤᠨ ᠬᠤᠭᠤᠴᠠᠭᠠᠨ ᠳᠤ ᠂ ᠲᠥᠯᠥᠭᠡᠯᠡᠭᠴᠢᠳ ᠤᠨ ᠪᠦᠯᠬᠦᠮ ᠠᠴᠠ ᠶᠡᠭᠡ ᠬᠤᠷᠠᠯ ᠳᠤ ︽ ᠥᠪᠥᠷ ᠮᠣᠩᠭᠤᠯ ᠢ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠶᠢᠨ ᠠᠵᠢᠭᠯᠠᠭᠴᠢ ᠪᠣᠯᠬᠤ ᠶᠢ ᠠᠬᠢᠭᠤᠯᠬᠤ ᠲᠤᠬᠠᠢ︾ ᠭᠡᠬᠦ ᠪᠦᠯᠬᠦᠮ ᠤᠨ ᠰᠠᠨᠠᠭᠤᠯᠭ᠎ᠠ ᠶᠢ 1 ᠬᠤᠪᠢ ᠳᠡᠪᠰᠢᠭᠦᠯᠪᠡ᠃ ᠲᠥᠯᠥᠭᠡᠯᠡᠭᠴᠢᠳ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠂ ︽ ᠵᠢᠷᠭᠤᠭᠠᠨ ᠢᠨᠵᠧᠨᠧᠷᠢᠩ ︾ ᠢ ᠰᠠᠶᠢᠲᠤᠷ ᠬᠡᠷᠡᠭᠵᠢᠭᠦᠯᠬᠦ ᠂ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠵᠢᠴᠢ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠡᠮ ᠡᠮᠨᠡᠯᠭᠡ ᠂ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ ᠨᠡᠶᠢᠳᠡ 120 ᠬᠤᠪᠢ ᠰᠠᠨᠠᠭᠤᠯᠭ᠎ᠠ ᠳᠤᠷᠠᠳᠴᠠᠢ ᠃      ᠬᠤᠷᠠᠯ ᠤᠨ ᠬᠤᠭᠤᠴᠠᠭᠠᠨ ᠳᠤ ᠂ ᠲᠥᠯᠥᠭᠡᠯᠡᠭᠴᠢᠳ ᠶᠡᠭᠡ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠤᠷᠠᠯ ᠳᠤ ᠣᠷᠣᠯᠴᠠᠵᠤ ᠂ ᠰᠠᠶᠢᠨ ᠰᠠᠶᠢᠬᠠᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠪᠠᠲᠤᠯᠠᠵᠤ ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ ᠲᠥᠯᠥᠭᠡᠯᠡᠭᠴᠢᠳ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ᠬᠠᠷᠢᠭᠤᠴᠠᠯᠭ᠎ᠠ ᠪᠠᠨ ᠰᠡᠳᠬᠢᠯ ᠳᠡᠭᠡᠨ ᠪᠣᠳᠣᠵᠣ ᠂ ᠬᠠᠷᠢᠭᠤᠴᠠᠯᠭ᠎ᠠ ᠪᠠᠨ ᠮᠦᠷᠦᠨ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠠᠵᠢᠯᠯᠠᠭ᠎ᠠ ᠳᠡᠭᠡᠷ᠎ᠡ ᠳᠡᠭᠡᠨ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠬᠡᠭᠴᠢ᠂ ᠭᠠᠷᠮᠠᠭᠠᠢ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠵᠤ ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠨ ᠲᠤᠭᠤᠰᠢᠯᠠᠭᠤᠯᠵᠤ᠂ ᠤᠬᠠᠭᠤᠯᠤᠨ ᠲᠠᠶᠢᠯᠪᠤᠷᠢᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ ᠂ ᠰᠠᠶᠢᠲᠤᠷ ᠲᠡᠭᠦᠯᠳᠡᠷᠵᠢᠭᠦᠯᠵᠦ ᠂ ᠰᠠᠶᠢᠲᠤᠷ ᠬᠡᠷᠡᠭᠵᠢᠭᠦᠯᠵᠦ ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠲᠠᠬᠢᠨ ᠰᠠᠶᠢᠨ ᠠᠮᠵᠢᠯᠲᠠ ᠣᠯᠬᠤ ᠪᠠᠷ ᠴᠢᠷᠮᠠᠶᠢᠵᠤ ᠂ ᠪᠣᠳᠠᠲᠤ ᠠᠵᠢᠯᠯᠠᠭ᠎ᠠ ᠪᠠᠷ ᠢᠶᠠᠨ ︽ ᠬᠤᠶᠠᠷ ᠢ ᠳᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号