﹇ᠥᠪᠥᠷ ᠮᠣᠩᠭᠤᠯ ᠤᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠦᠷ᠎ᠡ ᠪᠦᠲᠦᠭᠡᠯ ᠢ ᠬᠤᠪᠢᠶᠠᠯᠴᠠᠨ ᠡᠳ᠋ᠯᠡᠬᠦ ᠤᠯᠠᠭᠠᠨᠬᠠᠳᠠ ᠶᠢᠨ ᠬᠠᠭᠤᠳᠠᠰᠤ﹈ ᠬᠥᠭᠵᠢᠯᠲᠡ ᠶᠢᠨ ᠰᠠᠭᠤᠷᠢ ᠶᠢ ᠪᠠᠲᠤᠵᠢᠭᠤᠯᠵᠤ ᠤᠯᠠᠭᠠᠨᠬᠠᠳᠠ ᠬᠤᠲᠠ ᠶᠢᠨ ᠴᠢᠨᠠᠷ ᠰᠠᠶᠢᠲᠠᠢ ᠬᠤᠳᠠᠯᠳᠤᠭᠠᠴᠢᠨ ᠤᠷᠢᠵᠤ ᠳᠠᠪᠠᠯᠲᠠᠲᠤ ᠬᠥᠭᠵᠢᠯᠲᠡ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/3/13
  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ ᠨᠢ ᠳᠠᠷᠤᠢ ᠠᠵᠤ ᠠᠬᠤᠢ ᠶᠢᠨ ᠬᠥᠭᠵᠢᠯᠲᠡ ᠶᠢ ᠠᠳᠬᠤᠬᠤ ᠶᠠᠪᠤᠳᠠᠯ ᠪᠣᠯᠤᠨ᠎ᠠ᠃ 2023 ᠣᠨ ᠳᠤ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠪᠠᠯᠠ ᠮᠥᠩᠭᠦ ᠶᠢ ᠪᠣᠳᠠᠲᠠᠶᠢᠵᠢᠭᠤᠯᠬᠤ ᠶᠢ ᠠᠬᠢᠭᠤᠯᠬᠤ    ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ 1052 ᠬᠡᠷᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠦ ᠳᠤ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 501 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 46.6% ᠪᠠᠷ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠲᠤ ᠵᠢᠭᠰᠠᠭᠠᠭᠳᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 390 ᠳ᠋ᠦᠩᠰᠢᠭᠤᠷ ᠲᠥᠭᠦᠷᠢᠭ ᠤᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠪᠡ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ 600 ᠰᠢᠨ᠎ᠡ ᠪᠠᠷ ᠭᠡᠷ᠎ᠡ ᠲᠣᠭᠲᠠᠵᠤ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 1545.5 ᠳ᠋ᠦᠩᠰᠢᠭᠤᠷ ᠲᠥᠭᠦᠷᠢᠭ ᠲᠤ ᠬᠦᠷᠴᠡᠢ᠃  ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠠᠷᠭ᠎ᠠ ᠲᠠᠢ᠃ 2023 ᠣᠨ ᠳᠤ ᠤᠯᠠᠭᠠᠨᠬᠠᠳᠠ ᠬᠤᠳᠠ ᠨᠢ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠪᠤᠯᠤᠩ ᠤᠨ ᠣᠷᠣᠨ᠂ ᠪᠦᠸᠧᠬᠠᠢ ᠲᠠᠩᠭᠢᠰ᠂ ᠵᠡᠭᠦᠨ ᠭᠤᠷᠪᠠᠨ ᠮᠤᠵᠢ᠂ ᠴᠧᠩ ᠢᠦᠢ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠬᠠᠨᠳᠤᠭᠤᠯᠤᠨ᠂ ︽ᠭᠠᠳᠠᠭᠰᠢ ᠭᠠᠷᠴᠤ᠂ ᠤᠷᠢᠵᠤ ᠠᠪᠴᠢᠷᠠᠬᠤ︾᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠨ᠂ ᠶᠡᠭᠡ ᠬᠦᠴᠦᠨ ᠢᠶᠠᠷ ᠬᠦᠴᠦᠷᠬᠡᠭ ᠢ ᠲᠠᠲᠠᠬᠤ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃    ᠨᠢᠩᠴᠧᠩ ᠰᠢᠶᠠᠨ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠤᠯᠠᠭᠠᠨᠬᠠᠳᠠ ᠶᠢᠨ ᠵᠦᠩ ᠲᠠᠩ ᠤᠨ ᠣᠨᠴᠠ ᠪᠤᠯᠤᠳ ᠤᠨ ᠴᠠᠭ ᠪᠦᠷᠢ 10 ᠲᠦᠮᠡᠨ ᠪᠠᠷᠢᠮᠵᠢᠶᠠᠲᠤ ᠪᠣᠰᠤᠭ᠎ᠠ ᠳᠥᠷᠪᠡᠯᠵᠢᠨ ᠮᠧᠲᠷ ᠤᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠳᠤ ᠲᠦᠰᠢᠭᠯᠡᠨ᠂ ᠴᠢᠨ ᠹᠧᠩ ᠬᠡᠢ ᠪᠡᠶᠡᠲᠦ ᠶᠢᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠤ᠂ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠳᠥᠭᠦᠮᠬᠡᠨ ᠢᠶᠠᠷ ᠰᠢᠲᠠᠭᠠᠵᠤ ᠴᠠᠬᠢᠯᠭᠠᠨ ᠭᠠᠷᠭᠠᠬᠤ ᠶᠢ ᠵᠢᠯ ᠳᠤ 24 ᠲᠦᠮᠡᠨ ᠲᠣᠨ ᠰᠢᠩᠭᠡᠨ ᠰᠢᠪᠲᠦᠷ ᠦᠢᠯᠡᠳᠪᠦᠷᠢᠯᠡᠬᠦ᠂ LNG17 ᠲᠦᠮᠡᠨ ᠲᠣᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠪᠣᠯᠭᠠᠵᠤ᠂ ︽ᠨᠢᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠠᠵᠤ ᠦᠢᠯᠡᠰ ᠢ ᠳᠠᠶᠢᠴᠢᠯᠠᠬᠤ︾ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠪᠠᠶᠢᠳᠠᠯ ᠢ ᠪᠤᠢ     ᠪᠣᠯᠭᠠᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ 65 ᠠᠵᠢᠯ ᠲᠥᠷᠥᠯ ᠤᠨ ᠰᠣᠳᠣᠨ ︽ᠬᠤᠳᠠᠯᠳᠤᠭᠠᠴᠢᠨ ᠤᠷᠢᠬᠤ ᠡᠯᠴᠢ︾ ᠶᠢ ᠡᠭᠦᠷᠭᠡᠯᠡᠭᠦᠯᠵᠦ᠂ 4 ᠲᠥᠷᠥᠯ ᠵᠦᠢᠯ ᠢ ᠣᠷᠣᠭᠤᠯᠤᠨ ᠠᠪᠴᠢᠷᠠᠵᠤ᠂ 15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠤᠯᠠᠭᠠᠨᠬᠠᠳᠠ ᠬᠤᠲᠠ ᠶᠢᠨ ᠬᠤᠳᠠᠯᠳᠤᠭᠠᠴᠢᠨ ᠤᠷᠢᠬᠤ ᠠᠵᠢᠯ ᠳᠤ ᠬᠦᠴᠦ ᠨᠡᠮᠡᠷᠢᠯᠡᠭᠰᠡᠨ ᠪᠠᠶᠢᠨ᠎ᠠ᠃ ᠣᠷᠣᠨ ᠠᠯᠤᠰᠯᠠᠭᠰᠠᠨ ᠬᠤᠳᠠᠯᠳᠤᠭᠠᠴᠢᠨ ᠤᠷᠢᠵᠤ᠂ ᠪᠡᠭᠡᠵᠢᠩ ᠥᠪᠥᠷ ᠮᠣᠩᠭᠤᠯ ᠤᠨ ︵ᠢ ᠵᠤᠸᠠᠩ · ᠤᠯᠠᠭᠠᠨᠬᠠᠳᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠥᠪᠥᠷ ᠮᠣᠩᠭᠤᠯ ᠤᠨ ᠠᠩᠬᠠᠳᠠᠭᠴᠢ ᠪᠡᠭᠡᠵᠢᠩ ᠳᠤ ᠪᠦᠲᠦᠭᠡᠨ ᠪᠠᠶᠢᠭᠤᠯᠤᠭᠰᠠᠨ ︽ᠣᠷᠣᠨ ᠠᠯᠤᠰᠯᠠᠭᠰᠠᠨ ᠬᠦᠷᠢᠶᠡᠯᠡᠩ ᠲᠣᠭᠤᠷᠢᠭ︾ ᠤᠨ ᠦᠢᠯᠡᠳᠦᠯ ᠢ    ᠪᠠᠳᠠᠷᠠᠭᠤᠯᠵᠤ᠂ ᠲᠡᠭᠦᠨ ᠢ ᠤᠯᠠᠭᠠᠨᠬᠠᠳᠠ ᠳᠠᠬᠢ ᠠᠵᠤ ᠦᠢᠯᠡᠰ ᠤᠨ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠪᠴᠠᠩ ᠪᠣᠯᠭᠠᠭᠰᠠᠨ ᠪᠠᠶᠢᠨ᠎ᠠ᠃ ᠨᠡᠶᠢᠭᠡᠮ ᠤᠨ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠬᠤᠳᠠᠯᠳᠤᠭᠠᠴᠢᠨ ᠤᠷᠢᠬᠤ ᠱᠠᠩᠨᠠᠯ ᠤᠨ ᠠᠮᠠᠯᠠᠯᠲᠠ ᠶᠢ ᠨᠠᠷᠢᠨ ᠬᠢᠨᠠᠮᠠᠭᠠᠢ ᠪᠡᠶᠡᠯᠡᠭᠦᠯᠵᠦ᠂ 2023 ᠣᠨ ᠤ ᠤᠯᠠᠭᠠᠨᠬᠠᠳᠠ ᠨᠤᠲᠤᠭᠲᠠᠨ ᠤ ᠲᠦᠷᠦᠭᠦᠴᠦᠳ ᠤᠨ ᠬᠤᠷᠠᠯ ᠳᠡᠭᠡᠷ᠎ᠡ ᠨᠡᠶᠢᠭᠡᠮ ᠤᠨ ᠬᠤᠶᠠᠷ ᠪᠡᠯᠡ ᠣᠷᠣᠭᠤᠯᠤᠭᠴᠢᠳ ᠲᠤ 300 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠣᠯᠭᠤᠵᠤ᠂ ᠨᠡᠶᠢᠭᠡᠮ ᠤᠨ ᠪᠦᠬᠦ ᠠᠵᠢᠯᠳᠠᠨ ᠤ ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠬᠥᠭᠵᠢᠭᠡᠪᠡ᠃  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠣᠷᠣᠭᠤᠯᠤᠨ ᠠᠪᠴᠢᠷᠠᠬᠤ ᠪᠣᠯ ᠤᠷᠢᠲᠠᠯ ᠮᠥᠨ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠪᠣᠯ ᠦᠨᠳᠦᠰᠦ ᠮᠥᠨ᠃ ᠤᠯᠠᠭᠠᠨᠬᠠᠳᠠ ᠬᠤᠲᠠ ᠭᠡᠷ᠎ᠡ ᠲᠣᠭᠲᠠᠭᠰᠠᠨ ᠲᠥᠷᠥᠯ ᠵᠦᠢᠯ ᠳᠤ ᠴᠢᠭᠯᠡᠭᠦᠯᠦᠨ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠬᠤᠲᠠ ᠶᠢᠨ ᠱᠠᠲᠤᠨ ᠤ ︽ᠲᠥᠷᠥᠯ ᠵᠦᠢᠯ ᠤᠨ ᠬᠠᠮᠢᠶᠠᠷᠤᠭᠴᠢ︾ ᠪᠤᠶᠤ ᠬᠤᠲᠠ ᠰᠢᠶᠠᠨ ᠬᠤᠶᠠᠷ ᠱᠠᠲᠤᠨ ᠤ ᠬᠠᠪᠰᠤᠷᠤᠨ ᠬᠤᠯᠪᠣᠭᠠᠯᠠᠬᠤ ᠤᠳᠤᠷᠢᠳᠤᠯᠭ᠎ᠠ ᠶᠢ ᠲᠣᠳᠣᠷᠬᠠᠶᠢᠯᠠᠵᠤ᠂ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠪᠠ︔ ᠴᠢᠬᠤᠯᠠ ᠶᠡᠭᠡ ᠵᠣᠯᠭᠠᠭᠤᠯᠬᠤ ᠲᠥᠷᠥᠯ ᠵᠦᠢᠯ ᠳᠤ ᠴᠢᠭᠯᠡᠭᠦᠯᠦᠨ᠂ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠵᠣᠯᠭᠠᠭᠤᠯᠤᠨ ᠠᠬᠢᠭᠤᠯᠬᠤ ᠠᠵᠢᠯ ᠤᠨ ᠠᠷᠭ᠎ᠠ︾ ᠶᠢᠨ ᠶᠣᠰᠣᠭᠠᠷ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ᠂ ᠲᠦᠢᠯ ᠤᠨ ᠲᠣᠪᠴᠢ ᠬᠢᠨᠠᠨ ᠵᠥᠪᠰᠢᠶᠡᠷᠡᠬᠦ᠂ ︽ᠭᠠᠵᠠᠷ ᠠᠪᠤᠮᠠᠭᠴᠠ ᠠᠵᠢᠯ ᠡᠬᠢᠯᠡᠭᠦᠯᠬᠦ︾ ᠵᠢᠴᠢ ᠴᠡᠪᠡᠷ ᠭᠠᠵᠠᠷ ᠵᠡᠷᠭᠡ ᠪᠦᠲᠦᠮᠵᠢᠲᠡᠶ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠷᠥᠯ ᠵᠦᠢᠯ ᠤᠨ ︽ᠵᠠᠭᠤᠨ ᠡᠳᠦᠷ ᠲᠤ ᠨᠠᠶᠢᠳᠠᠪᠤᠷᠢᠵᠢᠭᠤᠯᠬᠤ︾ ᠶᠢ ᠪᠡᠶᠡᠯᠡᠭᠦᠯᠬᠦ ᠶᠢ ᠠᠬᠢᠭᠤᠯᠪᠠ᠃ 2023 ᠣᠨ ᠳᠤ᠂ ᠤᠯᠠᠭᠠᠨᠬᠠᠳᠠ ᠬᠤᠲᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠠᠵᠢᠯᠯᠠᠭ᠎ᠠ ᠳᠤ 8 ᠤᠳᠠᠭ᠎ᠠ ᠣᠷᠣᠯᠴᠠᠵᠤ᠂ 89 ᠲᠥᠷᠥᠯ ᠵᠦᠢᠯ ᠳᠤ ᠭᠡᠷ᠎ᠡ ᠲᠣᠭᠲᠠᠵᠤ᠂ ᠪᠠᠯᠠ ᠣᠷᠣᠭᠤᠯᠤᠯᠲᠠ ᠶᠢᠨ ᠬᠡᠪᠴᠢᠶ᠎ᠡ 1355.8 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ 58 ᠵᠦᠢᠯ ᠢ ᠨᠠᠶᠢᠳᠠᠪᠤᠷᠢᠵᠢᠭᠤᠯᠵᠤ᠂ ᠠᠵᠢᠯ ᠡᠬᠢᠯᠡᠭᠦᠯᠦᠭᠰᠡᠨ ᠨᠣᠷᠮ᠎ᠠ 65.2% ᠲᠤ ᠬᠦᠷᠴᠡᠶ᠃ 
 
ᠢᠷᠡᠯᠲᠡ᠄ ᠪᠡᠯᠡ ᠣᠷᠣᠭᠤᠯᠵᠤ ᠬᠠᠮᠲᠤᠷᠠᠨ ᠠᠵᠢᠯᠯᠠᠬᠤ ᠶᠢ ᠠᠬᠢᠭᠤᠯᠬᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号