﹇ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ﹈ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ︽ᠨᠠᠮ ᠤᠨ ᠠᠴᠢ ᠶᠢ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/15
  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠪᠥᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠣᠴᠢᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠬᠠᠷᠢᠭᠤᠯᠠᠵᠤ ᠡᠷᠡᠯᠬᠡᠭᠯᠡᠨ    ᠤᠷᠤᠭᠰᠢᠯᠠᠬᠤ︾ — ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠵᠢᠴᠢ ᠲᠢᠩᠬᠢᠮ ᠳᠤ ᠪᠠᠨ ᠪᠠᠶᠢᠭ᠎ᠠ ᠤᠳᠤᠷᠢᠳᠤᠯᠭ᠎ᠠ᠂ ᠡᠯ᠎ᠡ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ ᠨᠡᠶᠢᠲᠡ 90 ᠭᠠᠷᠤᠶ ᠬᠥᠮᠦᠨ ᠦᠵᠡᠰᠬᠦᠯᠡᠩ ᠢ ᠲᠣᠭᠤᠷᠢᠨ ᠦᠵᠡᠪᠡ᠃
3.15-1.jpg
  ᠲᠤᠰ ᠤᠳᠠᠭᠠᠨ ᠤ ᠦᠵᠡᠭᠦᠯᠭᠡ ᠨᠢ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ︾ ᠪᠠᠷ ᠭᠤᠤᠯ ᠰᠡᠳᠦᠪ ᠪᠤᠯᠭᠠᠵᠤ᠂ ︽ᠠᠷᠠᠳ ᠲᠦᠮᠡᠨ ᠤ ᠤᠳᠤᠷᠢᠳᠤᠭᠴᠢ᠂ ᠤᠮᠠᠷᠠᠲᠤ ᠬᠢᠯᠢ ᠲᠠᠢ ᠪᠠᠨ ᠰᠡᠳᠬᠢᠯ ᠵᠢᠷᠦᠬᠡ ᠪᠠᠨ ᠬᠤᠯᠪᠣᠬᠤ︾᠂ ︽ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠵᠠᠯᠠᠭᠤᠷ ᠢ ᠡᠵᠡᠮᠳᠡᠨ ᠠᠶᠠᠯᠠᠯ ᠢ ᠵᠢᠯᠤᠭᠤᠳᠬᠤ︾᠂ ︽ᠲᠠᠪᠤᠨ ᠶᠡᠭᠡ ᠡᠭᠦᠷᠭᠡ᠂ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠤᠷᠤᠭᠰᠢᠯᠠᠬᠤ︾᠂ ︽ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠱᠢᠶᠡᠴᠢ ᠤᠷᠤᠭᠰᠢᠯᠠᠬᠤ︾᠂ ︽ᠠᠷᠠᠳ ᠲᠦᠮᠡᠨ ᠢ ᠳᠡᠭᠡᠳᠦᠯᠡᠵᠦ᠂ ᠤᠭ ᠰᠠᠨᠠᠭ᠎ᠠ ᠪᠠᠨ ᠪᠠᠲᠤ ᠴᠡᠭᠡᠵᠢᠯᠡᠬᠦ︾᠂ ︽ᠰᠢᠨ᠎ᠡ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠳᠤᠮᠳᠠ ᠵᠤᠭᠠᠴᠠᠯ ᠳᠤ ᠲᠦᠷᠢᠨ ᠤᠷᠤᠭᠰᠢᠯᠠᠬᠤ︾ ᠵᠡᠷᠭᠡ ᠵᠢᠷᠭᠤᠭᠠᠨ ᠬᠡᠰᠡᠭ ᠢᠶᠠᠷ ᠭᠤᠣᠯᠳᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠳᠣᠲᠣᠨᠣ ᠬᠠᠯᠠᠮᠵᠢᠯᠠᠯ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠲᠥᠪᠯᠡᠷᠡᠭᠦᠯᠦᠨ ᠢᠯᠡᠷᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠭᠤᠯᠤᠭᠳᠠᠬᠤᠨ ᠢ ᠭᠦᠨᠵᠡᠭᠡᠢ ᠲᠠᠶᠢᠯᠪᠤᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠶᠢᠨ ᠰᠢᠨ᠎ᠡ ᠠᠶᠠᠨ ᠢ ᠰᠠᠯᠤᠯ ᠦᠭᠡᠢ ᠳᠠᠭᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠭᠰᠠᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠠᠮᠢᠳᠤᠯᠢᠭ ᠢᠶᠠᠷ ᠪᠢᠴᠢᠭᠯᠡᠭᠰᠡᠨ ᠪᠠᠶᠢᠨ᠎ᠠ᠃
3.15-2.jpg
  ᠲᠣᠭᠤᠷᠢᠨ ᠦᠵᠡᠬᠦ ᠶᠠᠪᠤᠴᠠ ᠳᠤ᠂ ᠤᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠦᠵᠡᠵᠦ᠂ ᠪᠠᠶᠢᠨ ᠪᠠᠶᠢᠨ ᠵᠣᠭᠰᠣᠵᠤ ᠰᠠᠨᠠᠯ ᠢᠶᠠᠨ ᠰᠣᠯᠢᠯᠴᠠᠵᠤ᠂ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠪᠠ᠃ ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠨᠠᠮ ᠤᠨ ᠲᠤᠭ ᠲᠤ ᠬᠠᠨᠳᠤᠵᠤ᠂ ᠪᠠᠷᠠᠭᠤᠨ ᠨᠢᠳᠤᠷᠭ᠎ᠠ ᠪᠠᠨ ᠡᠷᠭᠦᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠲᠠᠩᠭᠠᠷᠢᠭ ᠤᠨ ᠲᠠᠭᠤᠨ ᠬᠦᠴᠦᠲᠡᠢ ᠪᠥᠭᠡᠳ ᠦᠵᠡᠭᠦᠯᠭᠡ ᠶᠢᠨ ᠲᠢᠩᠬᠢᠮ ᠳᠤ ᠴᠤᠤᠷᠢᠶᠠᠲᠤᠪᠠ᠃ ᠤᠯᠠᠨ ᠢᠶᠠᠷ ᠢᠶᠠᠨ᠂ ᠬᠤᠳᠠᠯᠳᠤᠭᠠᠨ ᠤ ᠶᠠᠪᠤᠳᠠᠯ ᠤᠨ ᠠᠵᠢᠯ ᠤᠨ ︽ᠭᠤᠷᠪᠠᠨ ᠴᠢᠬᠤᠯᠠ︾ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ᠂ ᠴᠥᠬᠦᠷᠡᠰᠢ ᠦᠭᠡᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠬᠡᠬᠡᠵᠦ᠂ ᠳᠤᠮᠳᠠ ᠲᠦᠪᠰᠢᠨ ᠳᠤ ᠤᠷᠤᠬᠤ︾ ᠬᠠᠷᠠᠯᠲᠠ ᠵᠢᠴᠢ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠲᠣᠭᠲᠠᠭᠠᠵᠤ᠂ ᠡᠨᠡ ᠵᠢᠯ ᠤᠨ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ︽ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠣᠨ︾ ᠢᠶᠠᠷ ᠠᠵᠠ ᠲᠣᠬᠢᠶᠠᠯ ᠪᠣᠯᠭᠠᠵᠤ᠂ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠰᠢᠷᠭᠠᠭᠤ ᠬᠠᠲᠠᠭᠤᠵᠢᠯᠲᠠᠢ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠶᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠤᠳᠠᠯᠳᠤᠭᠠᠨ ᠤ ᠶᠠᠪᠤᠳᠠᠯ ᠤᠨ ᠡᠭᠦᠷᠭᠡᠯᠡᠯ ᠢ ᠢᠯᠡᠷᠡᠭᠦᠯᠵᠦ᠂ ᠬᠤᠳᠠᠯᠳᠤᠭᠠᠨ ᠤ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
3.15-3.jpg
 
 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号