2024 ᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠠᠪᠠᠭᠤᠯᠢᠭ ᠠᠵᠤ ᠦᠢᠯᠡᠰ ᠤᠨ ᠣᠨᠴᠠᠯᠢᠭᠲᠤ ᠪᠦᠲᠦᠭᠡᠭᠳᠡᠬᠦᠨ ᠢ ᠡᠯᠧᠺᠲᠷᠣᠨ ᠢᠶᠠᠷ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2024/3/16
  ︽2024 ᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠠᠪᠠᠭᠤᠯᠢᠭ ᠠᠵᠤ ᠦᠢᠯᠡᠰ ᠤᠨ ᠣᠨᠴᠠᠯᠢᠭᠲᠤ ᠪᠦᠲᠦᠭᠡᠭᠳᠡᠬᠦᠨ ᠢ ᠡᠯᠧᠺᠲᠷᠣᠨ ᠬᠤᠳᠠᠯᠳᠤᠭ᠎ᠠ ᠪᠠᠷ ᠥᠭᠡᠷᠡᠴᠢᠯᠡᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ︵ᠥᠪᠥᠷ ᠬᠤᠳᠠᠯᠳᠤᠭ᠎ᠠ ᠴᠠᠬᠢᠯᠭᠠᠨ ᠮᠡᠳᠡᠭᠡ ᠦᠰᠦᠭ ﹇2023 ﹈ 766 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠶᠢᠨ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠳᠠᠬᠢᠨ ᠬᠢᠨᠠᠬᠤ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠣᠭᠲᠠᠭᠠᠬᠤ ᠪᠠᠷ ᠳᠡᠮᠵᠢᠨ᠂ 2024 ᠣᠨ ᠤ ᠳᠠᠪᠠᠭᠤᠯᠢᠭ ᠠᠵᠤ ᠦᠢᠯᠡᠰ ᠤᠨ ᠣᠨᠴᠠᠯᠢᠭᠲᠤ ᠪᠦᠲᠦᠭᠡᠭᠳᠡᠬᠦᠨ ᠢ ᠡᠯᠧᠺᠲᠷᠣᠨ ᠬᠤᠳᠠᠯᠳᠤᠭ᠎ᠠ ᠪᠠᠷ ᠥᠭᠡᠷᠡᠴᠢᠯᠡᠬᠦ 6 ᠲᠥᠷᠥᠯ ᠵᠦᠢᠯ ᠢ    ᠲᠣᠭᠲᠠᠭᠠᠪᠠ᠃ ᠡᠳᠦᠭᠡ ᠨᠡᠷᠡᠰ ᠢ ᠨᠡᠶᠢᠲᠡᠯᠡᠶ᠎ᠠ᠄  1. ᠳ᠋ᠦᠩ ᠹᠠᠩ ᠬᠢᠨᠠᠨ ᠰᠤᠩᠭᠤᠬᠤ ᠥᠪᠥᠷ ᠮᠣᠩᠭᠤᠯ ᠤᠨ ᠲᠤᠰᠬᠠᠶ ᠲᠠᠯᠠᠪᠤᠷ ᠤᠨ ᠠᠵᠢᠯᠯᠠᠭ᠎ᠠ ᠵᠢᠴᠢ 2023 ᠤᠯᠠᠭᠠᠢ ᠶᠢᠨ ᠲᠠᠯ᠎ᠠ ᠨᠤᠲᠤᠭ ᠤᠨ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠥᠪᠥᠷ ᠮᠣᠩᠭᠤᠯ ᠤᠨ ᠬᠤᠪᠢᠶᠠᠷᠢ ᠤᠷᠤᠯᠳᠤᠭᠠᠨ ᠤ ᠠᠵᠢᠯᠯᠠᠭ᠎ᠠ  2. ᠥᠪᠥᠷ ᠮᠣᠩᠭᠤᠯ ᠤᠨ ᠶᠢᠨ ᠼᠣᠣ ᠶᠤᠸᠠᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠤᠨᠢᠨ ᠮᠢᠬᠠᠨ ᠤ ᠪᠦᠲᠦᠭᠡᠭᠳᠡᠬᠦᠨ ᠢ ᠡᠯᠧᠺᠲᠷᠤᠨᠴᠢᠯᠠᠨᠥᠭᠡᠷᠡᠴᠢᠯᠡᠬᠦ ᠲᠥᠷᠥᠯ ᠵᠦᠢᠯ    3. ᠦᠪᠤᠷ ᠮᠤᠩᠭᠤᠯ ᠪᠤᠯᠤᠨ ᠰᠢᠩ ᠯᠢ ᠤᠨᠴᠠᠯᠢᠭᠳᠤ ᠢᠳᠡᠭᠡᠨ ᠤ ᠡᠯᠧᠺᠲᠷᠣᠨ ᠬᠤᠳᠠᠯᠳᠤᠭ᠎ᠠ ᠶᠢᠨ ᠦᠭᠡᠷᠡᠴᠢᠯᠡᠯᠳᠠ ᠶᠢᠨ ᠲᠦᠷᠤᠯ ᠵᠦᠢᠯ  4. ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠰᠢᠳᠠ ᠦᠬᠡᠷ ᠤᠨ ᠪᠣᠷᠴᠠ᠂ ᠴᠠᠭᠠᠨ ᠢᠳᠡᠭᠡᠨ ᠤ ᠡᠯᠧᠺᠲᠷᠣᠨ ᠬᠤᠳᠠᠯᠳᠤᠭ᠎ᠠ ᠶᠢᠨ ᠥᠭᠡᠷᠡᠴᠢᠯᠡᠯᠲᠡ ᠶᠢᠨ ᠲᠥᠷᠥᠯ ᠵᠦᠢᠯ  5. ᠦᠪᠦᠷ ᠮᠤᠩᠭᠤᠯ ᠤᠨ ᠺᠠᠩ ᠰᠢᠨ ᠳᠠᠯ᠎ᠠ ᠨᠤᠳᠤᠭ ᠤᠨ ᠤᠨᠴᠠᠯᠢᠭᠳᠤ ᠢᠳᠡᠬᠡᠨ ᠤ ᠡᠯᠧᠺᠲᠷᠣᠨ ᠬᠤᠳᠠᠯᠳᠤᠭ᠎ᠠ ᠶᠢᠨ ᠦᠭᠡᠷᠡᠴᠢᠯᠡᠯᠳᠠ ᠶᠢᠨ ᠲᠦᠷᠤᠯ ᠵᠦᠢᠯ  6. ᠲᠠᠯ᠎ᠠ ᠨᠤᠲᠤᠭ ᠤᠨ ᠬᠤᠩ ᠲᠠᠢ ᠶᠠᠩ ᠮᠤᠩᠭᠤᠯ ᠮᠠᠶ᠋ᠢᠭ ᠤᠨ ᠨᠡᠶᠢᠯᠡᠮᠡᠯ ᠠᠮᠲᠠ ᠣᠷᠣᠭᠤᠯᠬᠤ ᠵᠦᠢᠯ ᠢ ᠡᠯᠧᠺᠲᠷᠣᠨ ᠢᠶᠠᠷ ᠥᠭᠡᠷᠡᠴᠢᠯᠡᠨ ᠪᠠᠶᠢᠭᠤᠯᠬᠤ  ᠨᠡᠶᠢᠲᠡᠯᠡᠬᠦ ᠬᠤᠭᠤᠴᠠᠭ᠎ᠠ᠄ 2024 ᠣᠨ ᠤ 3 ᠳ᠋ᠤᠭᠠᠷ ᠰᠠᠷ᠎ᠠ ᠶᠢᠨ 16 ᠤ ᠡᠳᠦᠷ ᠠᠴᠠ 3 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ᠂ ᠨᠡᠶᠢᠲᠡ 7 ᠡᠳᠦᠷ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠵᠠᠷᠯᠠᠨ ᠨᠡᠶᠢᠲᠡᠯᠡᠬᠦ ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠡᠵᠡᠮᠰᠢᠵᠦ ᠪᠠᠶᠢᠭ᠎ᠠ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ ᠳᠤ ᠲᠠᠮᠠᠭ᠎ᠠ ᠳᠠᠷᠤᠵᠤ᠂ ᠬᠤᠪᠢ ᠬᠥᠮᠦᠨ ᠭᠠᠷ ᠤᠨ ᠦᠰᠦᠭ ᠵᠢᠷᠤᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠳᠠᠭᠠᠯᠳᠤᠭᠤᠯᠤᠨ᠎ᠠ᠃  ᠬᠠᠷᠢᠯᠴᠠᠬᠤ ᠪᠠᠶᠢᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠴᠢᠯᠠᠯᠲᠠ ᠶᠢᠨ ᠭᠠᠵᠠᠷ  ᠬᠠᠷᠢᠯᠴᠠᠬᠤ ᠤᠲᠠᠰᠤ᠄ 0471 – 6945094  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 5 ᠳ᠋ᠤᠭᠠᠷ ᠠᠰᠠᠷ ᠤᠨ 616 ᠳ᠋ᠤᠭᠠᠷ ᠥᠷᠥᠭᠡ 
 
ᠢᠷᠡᠯᠲᠡ᠄ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠴᠢᠯᠠᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号