ᠪᠦᠬᠦ ᠣᠷᠣᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠲᠠᠷᠢᠶᠠᠯᠠᠩ ᠤᠨ ᠦᠨᠳᠦᠷ ᠪᠦᠲᠦᠮᠵᠢᠲᠡᠢ ᠤᠰᠤ ᠠᠷᠪᠢᠯᠠᠬᠤ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠵᠠᠢ    ᠳᠠᠶᠢᠴᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/3/18
      3 ᠰᠠᠷ᠎ᠠ ᠶᠢᠨ 16 ᠤ ᠡᠳᠦᠷ᠂ ᠪᠦᠬᠦ ᠣᠷᠣᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠲᠠᠷᠢᠶᠠᠯᠠᠩ ᠤᠨ ᠦᠨᠳᠦᠷ ᠪᠦᠲᠦᠮᠵᠢᠲᠡᠢ ᠤᠰᠤ ᠠᠷᠪᠢᠯᠠᠬᠤ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠲᠦᠩᠯᠢᠶᠣᠣ ᠬᠤᠲᠠ ᠳᠤ ᠬᠤᠷᠠᠯᠳᠤᠪᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃     ᠬᠤᠷᠠᠯ ᠠᠴᠠ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠥᠷᠥ  ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠵᠠᠩᠭᠢᠯᠠᠭ᠎ᠠ ᠶᠢᠨ ᠴᠡᠭ ᠶᠣᠰᠤᠭᠠᠷ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠱᠠᠯᠠᠪᠳᠠᠨ ᠠᠵᠢᠯᠯᠠᠵᠤ᠂ ᠪᠦᠲᠦᠭᠡᠨ ᠪᠠᠶᠢᠭᠤᠯᠬᠤ ᠬᠠᠮᠢᠶᠠᠷᠬᠤ ᠠᠵᠢᠯᠯᠠᠭᠤᠯᠬᠤ ᠶᠢ ᠨᠢᠭᠡ ᠴᠣᠭᠴᠠᠵᠢᠭᠤᠯᠬᠤ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠭᠠᠵᠠᠷ ᠰᠢᠷᠤᠢ ᠶᠢ ᠦᠨᠳᠦᠷ ᠪᠦᠲᠦᠮᠵᠢᠲᠡᠢ ᠠᠰᠢᠭᠯᠠᠬᠤ ᠶᠢ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠠᠳᠬᠤᠵᠤ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠠᠵᠢᠯ ᠢ ᠶᠡᠭᠡ ᠪᠠᠷ ᠰᠠᠶᠢᠲᠤᠷ ᠠᠳᠬᠤᠵᠤ᠂ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠰᠣᠳᠣᠯᠣᠨ ᠲᠦᠯᠦᠪᠵᠢᠭᠦᠯᠵᠦ᠂ ᠣᠨ ᠤ ᠡᠭᠦᠷᠭᠡ ᠶᠢ ᠴᠢᠨᠠᠷ ᠰᠠᠶᠢᠲᠠᠢ ᠦᠨᠳᠦᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃  
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号