ᠮᠠᠨ ᠤ ᠣᠷᠣᠨ ᠤ 8 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠨᠡᠪᠲᠡᠷᠡᠬᠦ ᠪᠣᠭᠤᠮᠲᠠ ᠶᠢ ᠳᠠᠬᠢᠨ 4 ᠨᠡᠮᠡᠪᠡ
ᠨᠡᠶᠢᠲᠡᠯᠡᠭᠰᠡᠨ ᠴᠠᠭ᠄
2024/3/20
  ᠪᠦᠬᠦ ᠣᠷᠣᠨ ᠤ 8 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠨᠡᠪᠲᠡᠷᠡᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠪᠠ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ︽ᠨᠢᠭᠡ ᠪᠣᠭᠤᠮᠲᠠ ᠳᠤ ᠨᠢᠭᠡ ᠠᠷᠭ᠎ᠠ ᠪᠣᠳᠣᠯᠭ᠎ᠠ︾ ᠶᠢᠨ ᠵᠠᠷᠴᠢᠮ ᠶᠣᠰᠣᠭᠠᠷ᠂ 8 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠪᠣᠭᠤᠮᠲᠠ ᠪᠠᠷ ᠥᠩᠭᠡᠷᠡᠬᠦ ᠶᠢ ᠪᠦᠯᠦᠭ ᠬᠤᠪᠢᠶᠠᠨ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠲᠦᠷᠦᠭᠦᠤ ᠪᠦᠯᠦᠭ ᠤᠨ ᠲᠤᠷᠰᠢᠯᠲᠠ ᠶᠢᠨ ᠴᠡᠭ ᠤᠨ ᠪᠣᠭᠤᠮᠲᠠ — ᠡᠷᠢᠶᠡᠨ ᠬᠤᠲᠠ ᠶᠢᠨ ᠪᠣᠭᠤᠮᠲᠠ 2023 ᠣᠨ ᠤ 11 ᠳ᠋ᠦ᠋ᠭᠡᠷ ᠰᠠᠷ᠎ᠠ ᠶᠢᠨ 4 ᠤ ᠡᠳᠦᠷ ᠨᠢᠭᠡᠨᠲᠡ 8 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠲᠡᠷᠭᠡ ᠨᠡᠪᠲᠡᠷᠡᠭᠦᠯᠦᠭᠰᠡᠨ ᠪᠥᠭᠡᠳ ᠨᠢᠭᠡᠨᠲᠡ ᠪᠠᠶᠢᠩᠭᠤᠵᠢᠭᠤᠯᠤᠨ ᠵᠢᠷᠤᠮᠵᠢᠭᠤᠯᠵᠤ᠂ ᠪᠣᠭᠤᠮᠲᠠ ᠪᠠᠷ ᠥᠩᠭᠡᠷᠡᠬᠦ ᠶᠢ ᠠᠮᠤᠷ ᠲᠦᠪᠰᠢᠨ ᠤᠷᠤᠭᠰᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠪᠠ᠃  2024 ᠣᠨ ᠤ 3 ᠳ᠋ᠤᠭᠠᠷ ᠰᠠᠷ᠎ᠠ ᠶᠢᠨ 20 ᠤ ᠡᠳᠦᠷ᠂ ᠬᠤᠶᠠᠳᠤᠭᠠᠷ ᠪᠦᠯᠦᠭ ᠤᠨ ᠲᠤᠷᠰᠢᠯᠲᠠ ᠶᠢᠨ ᠴᠡᠭ ᠤᠨ ᠪᠣᠭᠤᠮᠲᠠ — ᠴᠢᠬᠡ᠂ ᠵᠡᠭᠦᠨ ᠬᠠᠲᠠᠪᠴᠢ᠂ ᠠᠷᠤ ᠬᠠᠰᠢᠶᠠᠲᠤ ᠪᠠ ᠡᠪᠦᠳᠦᠭ ᠵᠡᠷᠭᠡ 4 ᠪᠣᠭᠤᠮᠲᠠ ᠶᠢᠨ ᠬᠢᠨ 8 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠨᠡᠪᠲᠡᠷᠡᠵᠦ᠂ 8 ᠰᠠᠭᠤᠳᠠᠯ ᠠᠴᠠ ᠳᠤᠷᠤᠭᠰᠢᠬᠢ ᠵᠢᠵᠢᠭ ᠮᠠᠰᠢᠨ ᠨᠡᠪᠲᠡᠷᠡᠬᠦ ᠪᠤᠭᠤᠮᠲᠠ ᠶᠢ ᠳᠠᠬᠢᠭᠠᠳ 4 ᠨᠡᠮᠡᠪᠡ᠃  8 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠨᠡᠪᠲᠡᠷᠡᠬᠦ ᠪᠠᠨ ᠰᠡᠷᠭᠦᠭᠡᠵᠦ᠂ ᠮᠠᠨ ᠤ ᠣᠷᠣᠨ ᠬᠢᠭᠡᠳ ᠣᠷᠣᠰ ᠮᠣᠩᠭᠤᠯ ᠬᠤᠶᠠᠷ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠵᠤ ᠠᠬᠤᠶ ᠠᠷᠠᠯᠵᠢᠶᠠᠨ ᠤ ᠪᠠᠯᠠ ᠣᠷᠣᠭᠤᠯᠤᠯᠲᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠬᠦᠷᠢᠶᠡᠨ ᠳᠠᠬᠢ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠬᠦ ᠶᠢ ᠬᠦᠴᠦᠲᠡᠶ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃  ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠣᠷᠣᠰ ᠲᠠᠢ ᠵᠥᠪᠳᠡᠯᠴᠡᠵᠦ ᠪᠠᠶᠢᠭᠠᠳ ︽ᠳᠤᠮᠳᠠᠳᠤ ᠣᠷᠣᠰ ᠤᠨ ᠬᠢᠯᠢ ᠶᠢᠨ ᠪᠣᠭᠤᠮᠲᠠ ᠶᠢᠨ ᠬᠡᠯᠡᠯᠴᠡᠭᠡᠷ︾ ᠲᠤ ᠵᠠᠰᠠᠪᠤᠷᠢ ᠣᠷᠣᠭᠤᠯᠬᠤ ᠶᠢ ᠲᠦᠷᠭᠡᠳᠬᠡᠬᠦ ᠪᠠᠷ ᠦᠷᠭᠦᠯᠵᠢᠯᠡᠨ ᠴᠢᠷᠮᠠᠶᠢᠵᠤ᠂ ᠮᠠᠨ ᠤ ᠣᠷᠣᠨ ᠤ ᠣᠷᠣᠰ ᠲᠤ ᠬᠠᠨᠳᠤᠭᠤᠯᠤᠭᠰᠠᠨ ᠪᠣᠭᠤᠮᠲᠠ — ᠮᠠᠨᠵᠤᠤᠷ ᠪᠣᠯᠤᠨ ᠾᠧᠢ ᠱᠠᠨ ᠲᠸᠤ ᠵᠡᠷᠭᠡ 2 ᠪᠣᠭᠤᠮᠲᠠ ᠳᠤ 8 ᠰᠠᠭᠤᠳᠠᠯ ᠠᠴᠠ ᠳᠣᠷᠣᠭᠰᠢᠬᠢ ᠵᠢᠵᠢᠭ ᠲᠡᠷᠭᠡ ᠨᠡᠪᠲᠡᠷᠡᠭᠦᠯᠬᠦ ᠶᠢ ᠰᠡᠷᠭᠦᠭᠡᠬᠦ ᠶᠢ ᠡᠷᠲᠡᠬᠡᠨ ᠪᠡᠶᠡᠯᠡᠭᠦᠯᠦᠨ᠎ᠡ︔ ᠳᠠᠷᠠᠭᠠᠴᠢ ᠶᠢᠨ ᠪᠦᠯᠦᠭ ᠤᠳᠠᠭ᠎ᠠ ᠶᠢᠨ ᠬᠢᠯᠢ ᠶᠢᠨ ᠪᠣᠭᠤᠮᠲᠠ ᠶᠢ ᠵᠢᠯᠤᠭᠤᠳᠴᠣ ᠪᠠᠶᠢᠭᠠᠳ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠪᠠᠶᠢᠳᠠᠯ ᠲᠠᠢ ᠤᠶᠠᠯᠳᠤᠭᠤᠯᠵᠤ᠂ ᠨᠢᠭᠡᠨᠲᠡ ᠲᠣᠭᠲᠠᠭᠠᠭᠰᠠᠨ ᠠᠵᠢᠯ ᠤᠨ ᠲᠣᠬᠢᠷᠠᠭᠤᠯᠤᠯᠲᠠ ᠶᠣᠰᠣᠭᠠᠷ᠂ 8 ᠰᠠᠭᠤᠳᠠᠯ ᠠᠴᠠ ᠳᠣᠷᠣᠭᠰᠢᠬᠢ ᠵᠢᠵᠢᠭ ᠲᠡᠷᠭᠡ ᠨᠡᠪᠲᠡᠷᠡᠭᠦᠯᠬᠦ ᠶᠢ ᠪᠦᠬᠦᠨ ᠢ ᠬᠠᠮᠤᠷᠤᠭᠤᠯᠬᠤ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠨ᠎ᠠ᠃
3.20-1.jpg 
3.20-2.jpg
 
ᠢᠷᠡᠯᠲᠡ᠄ ᠪᠣᠭᠤᠮᠲᠠ ᠶᠢᠨ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号