︽ᠬᠤᠳᠠᠯᠳᠤᠭᠠᠨ ᠤ ᠶᠠᠪᠤᠳᠠᠯ ᠤᠨ ᠺᠠᠳ᠋ᠷ ᠤᠨ ᠬᠢᠴᠢᠶᠡᠯ ᠤᠨ ᠲᠠᠩᠬᠢᠮ︾ — ︽ᠪᠡᠯᠡ ᠣᠷᠣᠭᠤᠯᠤᠯᠲᠠ ᠬᠠᠮᠲᠤᠷᠠᠯᠴᠠᠭ᠎ᠠ ᠶᠢ ᠠᠬᠢᠭᠤᠯᠬᠤ ᠶᠠᠷᠢᠶᠠᠨ ᠤ ᠲᠠᠩᠬᠢᠮ︾ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/21
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠯᠤᠭ᠎ᠠ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠶᠢᠨ ᠲᠥᠯᠥᠭᠡ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠲᠥᠪ ᠪᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠭᠠᠵᠠᠷ ᠤᠨ ᠨᠠᠮ ᠤᠨ ᠡᠭᠦᠷ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠭᠤᠣᠯᠳᠠᠯᠭ᠎ᠠ ᠲᠠᠢ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠰᠢᠭᠰᠡᠨ ᠰᠤᠷᠤᠯᠴᠠᠨ ᠬᠢᠴᠢᠶᠡᠯᠯᠡᠬᠦ ᠲᠣᠭᠲᠠᠴᠠ ᠶᠢ ᠪᠠᠶᠢᠭᠤᠯᠵᠤ᠂ ︽ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠬᠢᠴᠢᠶᠡᠯ ᠤᠨ ᠲᠠᠩᠬᠢᠮ︾ ᠢ ᠡᠷᠬᠢᠯᠡᠪᠡ᠃ 3 ᠳ᠋ᠤᠭᠠᠷ ᠰᠠᠷ᠎ᠠ ᠶᠢᠨ 19 ᠤ ᠡᠳᠦᠷ᠂ ᠨᠠᠮ ᠤᠨ ᠡᠭᠦᠷ 2024 ᠣᠨ ᠤ ᠠᠩᠬᠠᠳᠤᠭᠠᠷ ᠬᠤᠭᠤᠴᠠᠭᠠᠨ ᠤ ︽ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠶᠠᠷᠢᠶᠠᠨ ᠤ ᠲᠠᠩᠬᠢᠮ︾ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠢᠶᠦ᠋ᠩ ᠠᠨ ᠠᠵᠢᠯ ᠤᠨ ᠳᠤᠭᠤᠶᠢᠯᠠᠩ ᠤᠨ ᠪᠦᠷᠢᠯᠳᠦᠬᠦᠨ᠂ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ ᠢ ᠤᠷᠢᠵᠤ ︽ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠬᠡᠷᠬᠢᠨ ᠨᠠᠩ ᠰᠠᠶᠢᠲᠤᠷ ᠥᠷᠨᠢᠭᠦᠯᠬᠦ︾ ᠲᠤᠬᠠᠶ ᠬᠢᠴᠢᠶᠡᠯ ᠣᠷᠣᠭᠤᠯᠪᠠ᠃ ᠶᠠᠨ ᠰᠢᠶᠤᠤ ᠶᠦᠨ ᠨᠥᠬᠦᠷ ᠬᠤᠳᠠᠯᠳᠤᠭᠠᠴᠢᠨ ᠤᠷᠢᠬᠤ ᠠᠵᠢᠯ ᠢ 20 ᠰᠢᠬᠠᠮ ᠵᠢᠯ ᠬᠢᠵᠦ᠂ ᠦᠨᠳᠦᠰᠦᠨ ᠱᠠᠲᠤᠨ ᠤ ᠬᠤᠳᠠᠯᠳᠤᠭᠠᠴᠢᠨ ᠤᠷᠢᠬᠤ ᠠᠵᠢᠯ ᠤᠨ ᠪᠠᠶᠠᠯᠢᠭ ᠲᠤᠷᠰᠢᠯᠭ᠎ᠠ ᠲᠠᠢ ᠶᠤᠮ᠃
3.21-1-1.jpg
  ᠶᠠᠨ ᠰᠢᠶᠤᠤ ᠶᠦᠨ ᠨᠥᠬᠦᠷ ᠨᠠᠷᠢᠨ ᠪᠣᠳᠠᠲᠠᠶ ᠲᠤᠭ᠎ᠠ ᠪᠠᠷᠢᠮᠲᠠ ᠪᠠᠷ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ ᠢ ᠭᠦᠨᠵᠡᠭᠡᠶ ᠵᠠᠳᠠᠯᠵᠤ᠂ ᠣᠳᠣᠬᠠᠨ ᠤ ᠬᠤᠳᠠᠯᠳᠤᠭᠠᠴᠢᠨ ᠤᠷᠢᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠦᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠥᠬᠦ ᠣᠷᠣᠨ ᠤ ᠬᠤᠳᠠᠯᠳᠤᠭᠠᠴᠢᠨ ᠤᠷᠢᠬᠤ ᠠᠵᠢᠯ ᠤᠨ ᠵᠢᠷᠤᠮᠯᠠᠬᠤ ᠶᠣᠰᠣᠲᠠᠶ ᠦᠨᠳᠦᠰᠦᠨ ᠵᠢᠮ᠎ᠡ ᠶᠣᠰᠣ ᠶᠢ ᠳᠤᠷᠠᠳᠴᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠬᠦ ᠠᠵᠢᠯᠯᠠᠭᠠᠨ ᠤ ᠠᠷᠭ᠎ᠠ ᠵᠠᠮ ᠢ ᠵᠢᠭᠠᠵᠤ ᠭᠠᠷᠭᠠᠪᠠ᠃ ᠶᠠᠨ ᠰᠢᠶᠤᠤ ᠶᠦᠨ ᠨᠥᠬᠦᠷ ᠤᠨ ᠬᠢᠴᠢᠶᠡᠯᠯᠡᠬᠦ ᠵᠣᠭᠰᠣᠴᠠ ᠥᠨᠳᠥᠷ᠂ ᠬᠠᠷᠠᠭᠠᠰᠤ ᠥᠷᠭᠡᠨ᠂ ᠣᠨᠣᠯ ᠰᠢᠨ᠎ᠡ᠂ ᠵᠢᠯᠣᠭᠤᠳᠬᠤ ᠴᠢᠨᠠᠷ ᠪᠠ ᠰᠡᠬᠡᠭᠡᠷᠡᠭᠦᠯᠬᠦ ᠴᠢᠨᠠᠷ ᠢᠶᠠᠷ ᠴᠢᠩᠭ᠎ᠠ᠂ ᠨᠡᠯᠢᠶᠡᠳ ᠴᠢᠩᠭ᠎ᠠ ᠦᠢᠯᠡᠳᠦᠯᠭᠡ ᠪᠠ ᠠᠵᠢᠯᠯᠠᠭᠠᠨ ᠤ ᠴᠢᠨᠠᠷ ᠲᠠᠢ ᠪᠠᠶᠢᠵᠤ᠂ ᠬᠢᠴᠢᠶᠡᠯ ᠣᠷᠣᠬᠤ ᠳᠤ ᠨᠡᠶᠢᠲᠡᠯᠢᠭ ᠬᠤᠳᠠᠯᠳᠤᠭᠠᠴᠢᠨ ᠤᠷᠢᠬᠤ ᠬᠡᠷᠡᠭ ᠤᠨ ᠵᠢᠱᠢᠶ᠎ᠡ ᠶᠢ ᠡᠰᠢᠯᠡᠨ ᠬᠡᠷᠡᠭᠯᠡᠵᠦ᠂ ᠠᠭᠤᠯᠭ᠎ᠠ ᠨᠢ ᠬᠢᠯᠪᠠᠷ ᠣᠶᠢᠯᠠᠭᠠᠮᠵᠢᠲᠠᠶ ᠪᠠᠶᠢᠵᠤ᠂ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠳᠤ ᠴᠢᠨᠠᠷ ᠰᠠᠶᠢᠲᠠᠶ ᠵᠢᠯᠣᠭᠤᠳᠣᠯᠭ᠎ᠠ ᠬᠢᠵᠡᠶ᠃
3.21-1-2.jpg
  ᠲᠣᠰ ᠤᠳᠠᠭᠠᠨ ᠤ ᠶᠠᠷᠢᠶᠠᠨ ᠤ ᠲᠠᠩᠬᠢᠮ ᠤᠨ ᠰᠤᠷᠤᠯᠴᠠᠯᠭ᠎ᠠ ᠪᠠᠷ ᠳᠠᠮᠵᠢᠭᠤᠯᠤᠨ᠂ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷᠴᠤᠳ ᠤᠨ ᠬᠠᠷᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠦᠨᠳᠦᠰᠦᠨ ᠱᠠᠲᠤᠨ ᠤ ᠬᠤᠳᠠᠯᠳᠤᠭᠠᠴᠢᠨ ᠤᠷᠢᠬᠤ ᠠᠵᠢᠯ ᠤᠨ ᠲᠤᠬᠠᠶ ᠲᠠᠨᠢᠨ ᠮᠡᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠰᠣᠷᠣᠭᠰᠠᠨ ᠢᠶᠠᠨ ᠬᠡᠷᠡᠭᠯᠡᠬᠦ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠪᠡᠶᠡᠯᠡᠭᠦᠯᠵᠦ᠂ ᠪᠦᠬᠦ ᠵᠢᠯ ᠤᠨ ᠠᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠲᠥᠪ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号