ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠭᠡᠷ ᠠᠬᠤᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/3/7
  61 ᠳ᠋ᠤᠭᠡᠷ ︽ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠪᠣᠯᠤᠨ 25 ᠳ᠋ᠤᠭᠠᠷ ︽ᠳᠤᠮᠳᠠᠳᠤ ᠤᠯᠤᠰ ᠤᠨ ᠵᠠᠯᠠᠭᠤ ᠰᠠᠶᠢᠨ ᠲᠤᠷᠠᠴᠤᠳ ᠤᠨ ᠦᠢᠯᠡᠴᠢᠯᠡᠭᠡᠨ ᠤ ᠡᠳᠦᠷ︾ ᠤᠨ ᠲᠠᠰᠢᠷᠠᠮ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠯᠸᠢ ᠹᠧᠩ ᠤᠨ ᠵᠣᠷᠢᠭ ᠰᠠᠨᠠᠭ᠎ᠠ ᠪᠣᠯᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯ ᠢ ᠪᠠᠳᠠᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠦᠢᠯᠡᠴᠢᠯᠡᠭᠡᠨ ᠤ ᠠᠷᠠᠯᠵᠢᠶᠠᠨ ᠤ ᠭᠠᠵᠠᠷ ᠪᠣᠯᠤᠨ ᠭᠠᠳᠠᠭᠠᠳᠤ ᠪᠡᠯᠡ ᠶᠢᠨ ᠭᠠᠵᠠᠷ ᠤᠨ ᠨᠠᠮ ᠤᠨ ᠡᠭᠦᠷ᠂ ᠠᠵᠢᠯᠯᠠᠭᠠᠨ ᠤ ᠭᠠᠵᠠᠷ ᠤᠨ ᠨᠠᠮ ᠤᠨ ᠡᠭᠦᠷ ᠤᠯᠠᠭᠠᠨᠬᠠᠳᠠ ᠬᠤᠳᠠ ᠶᠢᠨ ᠺᠠᠩ ᠨᠠᠢ ᠰᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠬᠦᠷᠴᠦ᠂ ︽ᠭᠡᠷ ᠤᠨ ᠶᠠᠪᠤᠳᠠᠯ ᠤᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠬᠤ ᠵᠢᠴᠢ ᠯᠸᠢ ᠹᠧᠩ ᠠᠴᠠ ᠰᠤᠷᠤᠯᠴᠠᠬᠤ ᠠᠵᠢᠯᠯᠠᠭ᠎ᠠ︾ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠭᠡᠷ ᠠᠬᠤᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠤᠨ ᠶᠠᠪᠤᠳᠠᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ᠂ ᠨᠢᠭᠡ ᠮᠥᠴᠡ ᠶᠢᠨ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠪᠠ᠃
3.7-1-1.jpg
  ᠤᠯᠠᠭᠠᠨᠬᠠᠳᠠ ᠬᠤᠲᠠ ᠶᠢᠨ ᠺᠠᠩ ᠨᠠᠢ ᠰᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠣᠯ ᠬᠡᠷ ᠠᠬᠤᠶ ᠶᠢᠨ ᠦᠢᠯᠡᠴᠢᠯᠡᠭᠡ᠂ ᠬᠡᠷ ᠠᠬᠤᠶ ᠶᠢᠨ ᠪᠣᠯᠪᠠᠰᠤᠷᠠᠯ᠂ ᠬᠡᠷ ᠠᠬᠤᠶ ᠶᠢᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠬᠡᠷ ᠠᠬᠤᠶ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠶᠢᠯᠠᠯ ᠪᠣᠯᠤᠨ᠎ᠠ᠂ ᠪᠠᠰᠠ ᠴᠤ ᠤᠯᠠᠭᠠᠨᠬᠠᠳᠠ ᠬᠤᠲᠠ ᠶᠢᠨ ᠬᠡᠷ ᠪᠦᠯᠢ ᠶᠢᠨ ᠦᠢᠯᠡᠴᠢᠯᠡᠭᠡᠨ ᠤ ᠨᠡᠶᠢᠭᠡᠮᠯᠢᠭ ᠤᠨ ᠳᠠᠷᠤᠭ᠎ᠠ ᠶᠢᠨ ᠨᠢᠭᠡᠴᠢ ᠪᠣᠯᠤᠨ᠎ᠠ᠂ ᠣᠳᠣᠬᠠᠨ ᠳᠤ ᠤᠯᠠᠭᠠᠨᠬᠠᠳᠠ ᠶᠢᠨ ᠺᠠᠩ ᠨᠠᠢ ᠰᠢᠨ ᠬᠡᠷ ᠠᠬᠤᠶ ᠶᠢᠨ ᠦᠢᠯᠡᠴᠢᠯᠡᠭᠡᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ᠂ ᠤᠯᠠᠭᠠᠨᠬᠠᠳᠠ ᠬᠤᠲᠠ ᠶᠢᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠰᠢᠨ ᠢᠦᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢᠨ ᠬᠢᠵᠠᠭᠠᠷᠲᠤ ᠺᠣᠮᠫᠠᠨᠢ ᠵᠢᠴᠢ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠲᠦᠩ ᠪᠦᠦ ᠭᠤᠯᠢᠷ ᠪᠣᠯᠪᠠᠰᠤᠷᠠᠭᠤᠯᠬᠤ ᠦᠢᠯᠡᠳᠪᠦᠷᠢ ᠪᠣᠯᠤᠨ᠎ᠠ᠃ 2023 ᠣᠨ ᠳᠤ᠂ ᠺᠠᠩ ᠨᠠᠢ ᠰᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠨᠡᠶᠢᠭᠡᠮ ᠲᠣᠭᠤᠷᠢᠭ ᠤᠨ ᠭᠡᠷ ᠤᠨ ᠶᠠᠪᠤᠳᠠᠯ ᠤᠨ ᠦᠢᠯᠡᠴᠢᠯᠡᠭᠡᠨ ᠤ ᠴᠡᠭ ᠢ 3 ᠰᠢᠨ᠎ᠡ ᠪᠠᠷ ᠪᠠᠶᠢᠭᠤᠯᠵᠤ᠂ ᠡᠷᠬᠢᠨ ᠲᠣᠭᠤᠷᠢᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠭᠡᠷ ᠠᠬᠤᠢ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠭᠡᠷ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠤᠯᠠᠨ ᠲᠦᠮᠡᠨ ᠤ ᠡᠭᠦᠳᠡᠨ ᠳᠤ ᠬᠦᠷᠭᠡᠵᠦ᠂ ᠡᠷᠬᠢᠨ ᠲᠣᠭᠤᠷᠢᠨ ᠤ ᠤᠯᠠᠨ ᠲᠦᠮᠡᠨ ᠤ ᠵᠥᠪᠰᠢᠶᠡᠷᠡᠯ ᠢ ᠤᠯᠪᠠ᠃
3.7-1-2.jpg
  ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠥᠬᠦᠶ ᠠᠵᠢᠯᠲᠠᠳ ᠤᠯᠠᠭᠠᠨᠬᠠᠳᠠ ᠬᠤᠲᠠ ᠶᠢᠨ ᠬᠡᠷ ᠠᠬᠤᠶ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠨᠳᠦᠰᠦᠨ ᠪᠠᠶᠢᠳᠠᠯ ᠵᠢᠴᠢ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠨᠠᠷᠢᠨ ᠣᠶᠢᠯᠠᠭᠠᠵᠤ᠂ ︽ᠬᠡᠷ ᠠᠬᠤᠶ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭᠠᠨ ᠤ ᠵᠠᠭᠪᠤᠷ᠂ ᠦᠢᠯᠡᠴᠢᠯᠡᠭᠡᠨ ᠤ ᠠᠭᠤᠯᠭ᠎ᠠ ᠵᠢᠴᠢ ᠨᠡᠶᠢᠭᠡᠮ ᠲᠣᠭᠤᠷᠢᠭ ᠤᠨ ᠡᠬᠢ ᠪᠠᠶᠠᠯᠢᠭ᠂ ᠬᠡᠷ ᠠᠬᠤᠶ ᠶᠢᠨ ᠠᠵᠤ ᠠᠬᠤᠶᠢᠯᠠᠯ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠭᠥᠷᠳᠡᠬᠦ ᠶᠢ ᠬᠡᠷᠬᠢᠨ ᠳᠥᠯᠭᠢᠨ ᠠᠬᠢᠭᠤᠯᠬᠤ᠂ ᠬᠡᠷ ᠠᠬᠤᠶ ᠶᠢᠨ ᠦᠢᠯᠡᠴᠢᠯᠡᠭᠡ ᠶᠢ ᠥᠷᠭᠡᠨ ᠣᠯᠠᠨ ᠰᠠᠭᠤᠭᠠᠯᠢ ᠠᠷᠠᠳ ᠤᠨ ᠳᠡᠷᠭᠡᠳᠡ ᠬᠡᠷᠬᠢᠨ ᠬᠦᠷᠭᠡᠬᠦ ᠲᠤᠬᠠᠶ ᠶᠠᠷᠢᠯᠴᠠᠪᠠ᠃    ᠺᠠᠩ ᠨᠠᠢ ᠰᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠯᠸᠢ ᠹᠧᠩ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠰᠤᠷᠤᠯᠴᠠᠵᠤ ︔ ᠬᠠᠶᠢᠷ᠎ᠠ ᠬᠠᠯᠠᠮᠵᠢ ᠪᠠᠨ ᠡᠷᠭᠦᠵᠦ᠂ ᠭᠠᠵᠠᠷ ᠪᠣᠯᠭᠠᠨ ᠳᠤ ᠬᠢᠵᠦ ᠪᠣᠯᠬᠤ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠶᠠᠰᠤ ᠴᠢᠨᠠᠷ ᠤᠨ ᠦᠢᠯᠡᠴᠢᠯᠡᠭᠡ ᠶᠢ ᠴᠢᠩᠳᠠᠯᠠᠵᠤ᠂ ᠰᠠᠭᠤᠭᠠᠯᠢ ᠠᠷᠠᠳ ᠤᠨ ᠳᠡᠷᠭᠡᠳᠡᠬᠢ ᠴᠢᠨᠠᠷ ᠰᠠᠶᠢᠲᠠᠶ ᠬᠡᠷ ᠠᠬᠤᠶ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ᠠᠵᠤ ᠠᠬᠤᠶᠢᠯᠠᠯ ᠤᠨ ᠦᠷ᠎ᠡ ᠠᠰᠢᠭ ᠤᠨ ᠨᠡᠮᠡᠭᠳᠡᠯ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠲᠠᠯ᠎ᠠ ᠪᠠᠷ ᠬᠠᠨᠤᠮᠵᠢᠲᠠᠶ ᠪᠠᠶᠢᠬᠤ ᠪᠠᠶᠢᠳᠠᠯ ᠢ ᠪᠡᠶᠡᠯᠡᠭᠦᠯᠦᠨ᠎ᠡ ᠭᠡᠵᠡᠶ᠃  ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠬᠠᠯᠠᠭᠤᠨ ᠳᠤᠯᠠᠭᠠᠨ ︽ᠯᠧᠢ ᠹᠧᠩ ᠠᠴᠠ ᠰᠤᠷᠤᠯᠴᠠᠬᠤ︾ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠪᠠᠰᠠ ᠴᠤ ᠨᠢᠭᠡ ᠤᠳᠠᠭᠠᠨ ᠤ ᠲᠤᠬᠠᠶᠢᠯᠠᠭᠰᠠᠨ ᠠᠵᠢᠯ ᠤᠨ ︽ᠴᠡᠷᠢᠭ ᠪᠣᠯᠪᠠᠰᠤᠷᠠᠭᠤᠯᠬᠤ︾ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠯᠸᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠯᠸᠢ ᠹᠧᠩ ᠤᠨ ᠵᠣᠷᠢᠭ ᠰᠠᠨᠠᠭ᠎ᠠ ᠶᠢ ᠲᠤᠬᠠᠶᠢᠯᠠᠭᠰᠠᠨ ᠠᠵᠢᠯ᠂ ᠨᠡᠶᠢᠭᠡᠮ ᠨᠡᠶᠢᠲᠡ ᠶᠢᠨ ᠠᠰᠠᠷᠠᠮᠵᠢ ᠲᠠᠢ ᠤᠶᠠᠯᠳᠤᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠠᠩ ᠭᠡᠷᠡᠯ ᠰᠠᠴᠤᠷᠠᠩᠭᠤᠶ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ ᠭᠡᠵᠦ ᠵᠢᠭᠠᠵᠤ ᠭᠠᠷᠭᠠᠪᠠ᠃ 
 
ᠢᠷᠡᠯᠲᠡ᠄ ᠦᠢᠯᠡᠴᠢᠯᠡᠭᠡᠨ ᠤ ᠠᠷᠠᠯᠵᠢᠶᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号