ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠶᠠᠭᠳᠠᠮᠠᠯ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤᠨᠢ ᠰᠢᠯᠭᠠᠨ ᠠᠪᠴᠤ ᠬᠢᠨᠠᠨ ᠲᠣᠭᠲᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/8
  ᠰᠢᠨ᠎ᠡ ᠵᠢᠯ ᠤᠨ ᠡᠬᠢᠨ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠮᠠᠨ ᠤ ᠣᠷᠣᠨ ᠤ ᠬᠠᠶᠠᠭᠳᠠᠮᠠᠯ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤᠨᠢ ᠰᠢᠯᠭᠠᠨ ᠠᠪᠴᠤ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠭᠤᠴᠢᠨ ᠠᠵᠤ ᠠᠬᠤᠶᠢᠯᠠᠯ ᠤᠨ ᠳᠠᠬᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠ ᠰᠢᠨ᠎ᠡ ᠠᠵᠤ ᠠᠬᠤᠶᠢᠯᠠᠯ ᠤᠨ ᠵᠥᠪᠰᠢᠶᠡᠷᠡᠯ ᠤᠯᠬᠤ ᠠᠬᠢᠴᠠ ᠶᠢ ᠶᠡᠬᠡᠪᠡᠷ ᠳᠥᠯᠭᠢᠨ ᠠᠬᠢᠭᠤᠯᠵᠤ᠂ ᠬᠠᠶᠠᠭᠳᠠᠮᠠᠯ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠬᠦᠷᠢᠶᠡᠨ ᠳᠠᠬᠢ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠤᠯᠤᠭᠰᠠᠨ᠂ ᠳᠦᠷᠢᠮᠵᠢᠭᠦᠯᠦᠨ ᠬᠥᠭᠵᠢᠭᠦᠯᠬᠦ ᠶᠢ ᠳᠥᠯᠭᠢᠨ ᠠᠬᠢᠭᠤᠯᠬᠤ ᠶᠢᠨ ᠲᠤᠰᠠᠳᠠ᠂ 2024 ᠣᠨ ᠤ 2 ᠳ᠋ᠤᠭᠠᠷ ᠰᠠᠷ᠎ᠠ ᠶᠢᠨ 26 ᠤ ᠡᠳᠦᠷ ᠠᠴᠠ 3 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠣᠮᠢᠯᠠᠨ ᠰᠠᠭᠤᠯᠭᠠᠵᠤ ᠣᠷᠣᠨ ᠤ ᠳᠤᠲᠤᠨ᠎ᠠ ᠭᠠᠳᠠᠨᠠᠬᠢ ᠠᠵᠢᠯ ᠲᠥᠷᠥᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠪᠠ ᠲᠤᠬᠠᠶᠢᠯᠠᠭᠰᠠᠨ ᠠᠵᠢᠯ᠂ ᠣᠷᠴᠢᠨ ᠠᠬᠤᠶ ᠶᠢᠨ ᠬᠠᠮᠠᠭᠠᠯᠠᠯᠲᠠ᠂ ᠠᠮᠤᠷ ᠲᠦᠪᠰᠢᠨ᠂ ᠡᠳ᠋ ᠤᠨ ᠶᠠᠪᠤᠳᠠᠯ ᠵᠡᠷᠭᠡ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠠᠪᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ 9 ᠡᠳᠦᠷ ᠤᠨ ᠴᠠᠭ ᠢ ᠠᠰᠢᠭᠯᠠᠨ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ ᠤᠨ 5 ᠠᠶᠢᠮᠠᠭ ᠬᠤᠲᠠ ᠶᠢᠨ ᠰᠢᠯᠭᠠᠨ ᠠᠪᠬᠤ ᠨᠥᠬᠦᠴᠡᠯ ᠳᠤ ᠨᠡᠶᠢᠴᠡᠬᠦ 8 ᠠᠵᠤ ᠠᠬᠤᠶᠢᠯᠠᠯ ᠳᠤ ᠲᠤᠰᠬᠠᠶ ᠮᠡᠷᠭᠡᠵᠢᠯᠲᠡᠨ ᠤ ᠲᠤᠬᠠᠶ ᠶᠢᠨ ᠭᠠᠵᠠᠷ ᠤᠨ ᠰᠢᠯᠭᠠᠨ ᠠᠪᠴᠤ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃      ᠰᠢᠯᠭᠠᠨ ᠬᠤᠷᠢᠶᠠᠵᠤ ᠬᠢᠨᠠᠨ ᠲᠣᠭᠲᠠᠭᠠᠬᠤ ᠳᠤᠭᠤᠶᠢᠯᠠᠩ ᠨᠢ ᠬᠠᠶᠠᠭᠳᠠᠮᠠᠯ ᠮᠠᠰᠢᠨ ᠲᠡᠷᠭᠡ ᠬᠤᠷᠢᠶᠠᠨ ᠠᠪᠴᠤ ᠵᠠᠳᠠᠯᠬᠤ ᠲᠤᠬᠠᠶ ᠶᠢᠨ ᠲᠠᠯᠠᠪᠤᠷ ᠢ ᠰᠢᠯᠭᠠᠨ ᠬᠤᠷᠢᠶᠠᠵᠤ ᠠᠪᠬᠤ ᠪᠠᠷᠢᠮᠵᠢᠶ᠎ᠠ ᠶᠢ ᠦᠨᠳᠦᠰᠦᠯᠡᠨ ᠠᠵᠤ ᠠᠬᠤᠶᠢᠯᠠᠯ ᠳᠤ ᠪᠥᠬᠦ ᠲᠠᠯ᠎ᠠ ᠶᠢᠨ ᠨᠠᠷᠢᠨ ᠮᠠᠲ᠋ᠧᠷᠢᠶᠠᠯ ᠢ ᠪᠠᠶᠢᠴᠠᠭᠠᠨ ᠦᠵᠡᠬᠦ ᠵᠢᠴᠢ ᠲᠤᠬᠠᠶ ᠶᠢᠨ ᠲᠠᠯᠠᠪᠤᠷ ᠲᠤ ᠬᠠᠶᠢᠨ ᠰᠢᠯᠭᠠᠯᠲᠠ ᠬᠢᠭᠰᠡᠨ ᠪᠥᠭᠡᠳ ᠠᠵᠤ ᠠᠬᠤᠶᠢᠯᠠᠯ ᠯᠤᠭ᠎ᠠ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠭᠦᠢᠴᠡᠳ ᠰᠣᠯᠢᠯᠴᠠᠪᠠ᠃  ᠰᠢᠯᠭᠠᠨ ᠠᠪᠴᠤ ᠬᠢᠨᠠᠨ ᠲᠣᠭᠲᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠠᠵᠢᠯ ᠲᠥᠷᠥᠯ ᠪᠣᠯ ᠨᠢᠭᠡᠨ ᠣᠨᠴᠠᠭᠠᠶ ᠰᠡᠷᠭᠡᠭ ᠠᠵᠢᠯ ᠲᠥᠷᠥᠯ ᠮᠥᠨ᠂ ᠬᠤᠯᠪᠣᠭᠳᠠᠬᠤ ᠬᠡᠪᠴᠢᠶ᠎ᠡ ᠨᠢ ᠥᠷᠭᠡᠨ ᠪᠠᠶᠢᠵᠤ᠂ ᠠᠶᠤᠯᠭᠦᠶ ᠦᠢᠯᠡᠳᠪᠦᠷᠢᠯᠡᠯ ᠪᠠ ᠣᠷᠴᠢᠨ ᠲᠣᠭᠤᠷᠢᠨ ᠤ ᠬᠠᠮᠠᠭᠠᠯᠠᠯᠲᠠ ᠲᠠᠢ ᠬᠤᠯᠪᠣᠭᠳᠠᠵᠤ᠂ ᠠᠷᠠᠳ ᠣᠯᠠᠨ ᠤ ᠦᠢᠯᠡᠳᠪᠦᠷᠢᠯᠡᠯ ᠪᠠ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠠᠰᠠᠭᠤᠳᠠᠯ ᠳᠤ ᠵᠥᠪ ᠢᠶᠠᠷ ᠬᠠᠨᠳᠤᠵᠤ᠂ ᠠᠷᠢᠭᠤᠨ ᠴᠡᠪᠡᠷ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠢᠳᠡᠪᠬᠢᠲᠡᠶ ᠦᠢᠯᠡᠳᠦᠯᠭᠡᠵᠢᠭᠦᠯᠦᠨ᠂ ᠪᠣᠳᠠᠲᠠᠶ ᠶᠢ ᠡᠷᠬᠢᠮᠯᠡᠨ ᠡᠵᠡᠩᠨᠡᠵᠦ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ᠂ ᠨᠠᠩ ᠣᠯᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠲᠥᠷᠥᠯ ᠤᠨ ᠬᠥᠭᠵᠢᠯᠲᠡ ᠳᠤ ᠣᠷᠣᠯᠴᠠᠬᠤ ᠬᠡᠷᠡᠭᠲᠡᠶ ᠭᠡᠵᠡᠢ᠃  ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠠᠰ ᠳᠡᠪᠰᠢᠭᠦᠯᠦᠨ ᠥᠭᠡᠷᠡᠴᠢᠯᠡᠬᠦ ᠲᠤᠷᠰᠢᠯᠭ᠎ᠠ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠲᠤᠬᠠᠶᠢᠯᠠᠭᠰᠠᠨ ᠠᠵᠢᠯ ᠥᠷᠨᠢᠭᠦᠯᠬᠦ ᠶᠢ ᠰᠢᠮᠳᠠᠭᠤᠯᠤᠨ᠎ᠠ᠃
3.8-1-1.jpg
3.8-1-3.jpg
3.8-1-2.jpg
 
ᠢᠷᠡᠯᠲᠡ᠄ ᠶᠡᠭᠡ ᠲᠢᠩᠬᠢᠮ ᠤᠨ ᠦᠢᠯᠡᠴᠢᠯᠡᠬᠦ ᠴᠤᠩᠬᠤ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号