ᠨᠠᠮ ᠤᠨ ᠠᠴᠢ ᠳᠤ ᠲᠠᠯᠠᠷᠬᠠᠵᠦ ᠨᠠᠮ ᠤᠨ ᠦᠭᠡ ᠶᠢ ᠰᠤᠨᠤᠰᠬᠤ ᠨᠠᠮ ᠢᠶᠠᠨ ᠳᠠᠭᠠᠬᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠬᠴᠠᠯᠠᠬᠤ ᠭᠤᠤᠯ ᠰᠡᠳᠦᠪᠳᠦ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2024/4/1
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠠᠬᠢᠭᠤᠯᠤᠭᠴᠢ᠂ ᠦᠢᠯᠡᠳᠦᠯᠭᠡᠵᠢᠭᠦᠯᠦᠭᠴᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠤᠨ᠂ 3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠬᠠᠮᠲᠤ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠺᠢᠨᠣ᠋ ︽ᠨᠢᠭᠡ ᠠᠭᠤᠯᠠ ᠶᠢᠨ ᠵᠠᠪᠰᠠᠷ︾ ᠢ   ᠰᠣᠨᠢᠷᠬᠠᠪᠠ᠃  ᠺᠢᠨᠣ᠋ ᠨᠢ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾᠂ ︽ᠪᠦᠬᠦ ᠤᠯᠤᠰ ᠤᠨ 3 · 8 ᠤ ᠤᠯᠠᠭᠠᠨ ᠲᠤᠭ︾ ᠭᠡᠬᠦ ᠵᠢᠱᠢᠶᠡᠴᠢ ᠪᠠᠷ ᠦᠨᠡᠯᠡᠭᠳᠡᠭᠰᠡᠨ ᠪᠥᠭᠡᠳ ︽ᠣᠳᠣ ᠦᠶ᠎ᠡ ᠶᠢᠨ ᠡᠮᠡᠭᠲᠡᠢ ᠲᠡᠨᠡᠭ ᠡᠪᠦᠭᠡᠨ︾ ᠭᠡᠬᠦ ᠰᠡᠳᠬᠢᠯ ᠬᠥᠳᠡᠯᠭᠡᠮ᠎ᠡ ᠳᠦᠷᠢ — ᠭᠦᠢᠵᠧᠦ ᠶᠢᠨ ᠴᠢᠶᠠᠨ ᠨᠠᠨ ᠮᠠ ᠬᠤᠸᠠᠢ ᠲᠣᠰᠬᠤᠨ ᠤ ᠨᠠᠮ ᠤᠨ ᠡᠭᠦᠷ ᠤᠨ ᠱᠦᠵᠢ ᠳ᠋ᠧᠩ ᠶᠢᠩ ᠰᠢᠶᠠᠩ ᠢᠶᠠᠷ ᠤᠭ ᠳᠦᠷᠢ ᠪᠣᠯᠭᠠᠵᠤ᠂ ᠡᠮᠡᠭᠲᠡᠢ ᠡᠵᠡᠨ ᠬᠠᠶᠢᠷ᠎ᠠ ᠠᠴᠠ ᠪᠣᠯᠵᠤ ᠶᠠᠳᠠᠭᠤ ᠬᠦᠴᠢᠷᠲᠡᠯᠲᠡᠢ ᠲᠣᠰᠬᠤᠨ ᠳᠤ ᠮᠣᠷᠳᠠᠭᠰᠠᠨ ᠲᠤᠬᠠᠢ ᠶᠠᠷᠢᠵᠤ᠂ ᠬᠥᠮᠦᠨ ᠤ ᠠᠮᠢᠳᠤᠷᠠᠯ ᠤᠨ ᠳᠠᠪᠬᠤᠷ ᠳᠠᠪᠬᠤᠷ ᠬᠦᠴᠢᠷᠳᠡᠯ ᠳᠤ ᠲᠤᠯᠭᠠᠷᠠᠵᠤ᠂ ᠬᠠᠶᠢᠷ᠎ᠠ ᠵᠣᠷᠢᠭ ᠢᠶᠠᠨ ᠬᠥᠪᠴᠢᠯᠡᠵᠦ᠂ ᠪᠠᠭ᠎ᠠ ᠬᠠᠶᠢᠷ᠎ᠠ ᠠᠴᠠ ᠶᠡᠭᠡ ᠬᠠᠶᠢᠷ᠎ᠠ ᠬᠦᠷᠲᠡᠯ᠎ᠡ᠂ ᠲᠣᠰᠬᠤᠨ ᠤ ᠠᠷᠠᠳ ᠢ ᠳᠠᠭᠠᠭᠤᠯᠤᠨ ᠳᠥᠭᠦᠮ ᠪᠦᠳᠦᠭᠦᠯᠢᠭ ᠪᠠᠭᠠᠵᠢ ᠪᠠᠷ ᠨᠤᠲᠤᠭ ᠤᠰᠤᠨ ᠤ ᠪᠠᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠡᠭᠡ ᠠᠭᠤᠯᠠᠰ ᠲᠠᠢ ᠪᠠᠶᠢᠯᠳᠤᠬᠤ ᠪᠠᠷ ᠲᠠᠮᠵᠢᠨ᠂ ᠠᠷᠪᠠᠨ ᠭᠤᠷᠪᠠᠨ ᠵᠢᠯ ᠤᠨ ᠴᠢᠷᠮᠠᠶᠢᠯᠭ᠎ᠠ ᠶᠢ ᠥᠩᠭᠡᠷᠡᠭᠡᠵᠦ᠂ ᠠᠭᠤᠯᠠᠨ ᠠᠴᠠ ᠭᠠᠷᠬᠤ ᠵᠠᠮ ᠢ ᠵᠤᠬᠢᠶᠠᠵᠤ᠂ ᠵᠣᠯ ᠵᠢᠷᠭᠠᠯᠲᠤ ᠰᠡᠳᠬᠢᠯ ᠬᠥᠳᠡᠯᠭᠡᠮ᠎ᠡ ᠦᠯᠢᠭᠡᠷ ᠢ ᠪᠢᠴᠢᠪᠡ᠃  ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠰᠡᠳᠬᠢᠯ ᠵᠢᠷᠦᠬᠡ ᠪᠠᠨ ᠭᠦᠨ ᠰᠣᠯᠢᠯᠴᠠᠵᠤ᠂ ᠲᠡᠷᠢᠭᠦᠨ ᠤ ᠳᠠᠭᠤᠷᠢᠶᠠᠯ ᠢ ᠰᠤᠷᠤᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠪᠣᠳᠠᠲᠠᠶ ᠶᠢ ᠡᠷᠬᠢᠮᠯᠡᠨ ᠦᠨᠡᠨᠴᠢ ᠰᠢᠳᠤᠷᠭᠤ ᠪᠠᠷ ᠬᠡᠷᠡᠭᠵᠢᠭᠦᠯᠦᠨ᠂ ᠤᠬᠠᠮᠰᠠᠷ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠬᠤ᠂ ᠨᠠᠮ ᠢᠶᠠᠨ ᠳᠠᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ︽ᠲᠤᠯᠤᠭᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠢᠶᠠᠷ ᠤᠷᠤᠭᠰᠢᠯᠠᠵᠤ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠤᠳᠠᠯᠳᠤᠭᠠᠨ ᠤ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
4.1.jpg
 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号