ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/17
  ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ ︶ ᠬᠤᠷᠠᠯ ᠬᠤᠷᠠᠯᠳᠤᠭᠤᠯᠵᠤ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠃  ᠬᠤᠷᠠᠯ ᠠᠴᠠ ᠂ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠬᠦ ᠂ ︽ ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠡᠨᠡ ᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ ᠃ ᠰᠡᠳᠬᠢᠯ ᠲᠠᠯᠪᠢᠬᠤ ᠦᠭᠡᠢ ᠂ ᠣᠶᠢᠯᠠᠭᠠᠬᠤ ᠦᠭᠡᠢ ᠂ ᠡᠵᠡᠮᠰᠢᠬᠦ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠦᠨᠡᠨ ᠬᠦ ᠬᠦᠴᠦ ᠣᠷᠣᠭᠤᠯᠵᠤ ᠂ ᠪᠦᠯᠦᠭ ᠵᠦᠢᠯ ᠳᠠᠷᠠᠭᠠᠯᠠᠨ ᠰᠤᠷᠤᠯᠴᠠᠵᠤ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠤᠯᠬᠤ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ ᠂ ᠶᠠᠮᠠᠷ ᠶᠠᠪᠤᠳᠠᠯ ᠢ ᠬᠢᠵᠦ ᠪᠤᠯᠬᠤ ᠂ ᠶᠠᠮᠠᠷ ᠶᠠᠪᠤᠳᠠᠯ ᠢ ᠬᠢᠵᠦ ᠪᠤᠯᠬᠤ ᠦᠭᠡᠢ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ ᠂ ︽ᠳᠦᠷᠢᠮ︾ ᠢ ᠡᠳᠦᠷ ᠲᠤᠳᠤᠮ ᠬᠡᠷᠡᠭᠯᠡᠵᠦ ᠪᠠᠶᠢᠲᠠᠯ᠎ᠠ ᠪᠠᠨ ᠦᠯᠦ ᠠᠩᠵᠠᠭᠠᠷᠠᠬᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠤᠯᠭᠠᠬᠤ ᠬᠡᠷᠡᠭᠲᠡᠢ ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠲᠦᠷᠦᠭᠦᠯᠡᠨ ᠰᠠᠶᠢᠲᠤᠷ ᠬᠢᠵᠦ ᠂ ᠥᠪᠡᠷ ᠤᠨ ᠪᠡᠶ᠎ᠡ ᠪᠠᠷ ᠢᠶᠠᠨ ᠰᠠᠶᠢᠲᠤᠷ ᠠᠵᠢᠯᠯᠠᠵᠤ ᠂ ᠠᠵᠢᠯ ᠢᠶᠠᠨ ᠰᠠᠶᠢᠲᠤᠷ ᠬᠢᠵᠦ ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠪᠠᠶᠢᠴᠠᠭᠠᠨ ᠦᠵᠡᠵᠦ ᠂ ᠲᠣᠭᠲᠠᠭᠰᠠᠨ ᠠᠵᠢᠯᠯᠠᠭ᠎ᠠ ᠪᠠᠨ ᠰᠠᠶᠢᠲᠤᠷ ᠬᠢᠵᠦ ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠬᠦ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠢᠯᠭᠠᠬᠤ ︽ ᠰᠢᠯᠭᠠᠭᠤᠷ ︾ ᠪᠤᠯᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ ᠥᠪᠥᠷ ᠮᠣᠩᠭᠤᠯ ᠤᠨ ᠬᠠᠭᠤᠳᠠᠰᠤ ︾ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ ᠵᠢᠷᠭᠤᠭᠠᠨ ᠢᠨᠵᠧᠨᠧᠷᠢᠩ ︾ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠪᠣᠳᠠᠲᠠᠢ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ︽ ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ ︾ ᠪᠠᠶᠢᠬᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ ᠂ ᠲᠣᠰ ᠪᠡᠶ᠎ᠡ ᠶᠢᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ ᠂ ︽ ᠤᠳᠠᠭᠠᠨ ᠂ ᠪᠦᠳᠦᠭᠦᠯᠢᠭ ᠂ ᠬᠡᠶᠢᠰᠪᠦᠷᠢ ︾ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠥᠪᠥᠷ ᠮᠣᠩᠭᠣᠯ  ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号