ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/9
  4 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠵᠢᠯᠤᠭᠤᠳᠴᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠨᠢᠭᠡᠴᠢ ᠠᠴᠠ ᠵᠣᠬᠢᠶᠠᠨ ᠪᠠᠶᠢᠭᠤᠯᠤᠨ ᠵᠢᠷᠤᠵᠤ ᠲᠥᠯᠥᠪᠯᠡᠵᠦ ᠴᠤᠭᠯᠠᠭᠤᠯᠤᠭᠰᠠᠨ ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠩᠬᠢᠨᠢ ᠪᠠᠷ ᠨᠡᠶᠢᠲᠡᠯᠡᠪᠡ᠃
6384818479077673847066443.jpg
  ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ  ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠷᠤᠵᠤ ᠲᠥᠯᠥᠪᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠯᠢᠭ ᠬᠢᠭᠡᠳ ᠵᠠᠭᠤᠴᠢᠯᠠᠭᠤᠷ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠵᠡᠷᠭᠡ ᠨᠢᠭᠡ ᠪᠦᠯᠦᠭ ᠲᠤᠰᠬᠠᠢ ᠮᠡᠷᠭᠡᠵᠢᠯ ᠤᠨ ᠪᠦᠯᠭᠦᠮ ᠲᠥᠰᠥᠯ ᠤᠨ ᠵᠢᠷᠤᠵᠤ ᠲᠥᠯᠥᠪᠯᠡᠬᠦ ᠳᠤ ᠣᠷᠣᠯᠴᠠᠵᠤ᠂ ᠨᠡᠶᠢᠳᠠ 234 ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠷᠤᠵᠤ ᠲᠥᠯᠥᠪᠯᠡᠭᠰᠡᠨ ᠲᠥᠰᠥᠯ ᠢ ᠴᠤᠭᠯᠠᠭᠤᠯᠪᠠ᠃ ᠲᠤᠰᠬᠠᠢ ᠮᠡᠷᠭᠡᠵᠢᠯᠲᠡᠨ ᠤ ᠣᠯᠠᠨ ᠤᠳᠠᠭᠠᠨ ᠤ ᠰᠢᠯᠭᠠᠷᠠᠭᠤᠯᠤᠯᠲᠠ ᠪᠠᠷ ᠳᠡᠮᠵᠢᠵᠤ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠵᠢᠷᠤᠵᠤ ᠲᠥᠯᠥᠪᠯᠡᠭᠰᠡᠨ ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠡᠴᠦᠰ ᠲᠡᠭᠡᠨ ᠰᠢᠯᠭᠠᠷᠠᠭᠤᠯᠤᠭᠳᠠᠪᠠ᠃  ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠨᠢ ᠪᠦᠬᠦᠯᠢ ᠴᠣᠭᠴᠠ ᠪᠠᠷ ᠢᠶᠠᠨ ᠤᠯᠠᠭᠠᠨ ᠲᠤᠭ ᠤᠨ ᠭᠡᠯᠪᠡᠷᠢ ᠲᠠᠢ ᠪᠠᠶᠢᠵᠤ᠂  ᠤᠯᠠᠭᠠᠨ ᠥᠩᠭᠡ ᠪᠠᠷ ᠭᠤᠣᠯᠯᠠᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠪᠢᠰᠬᠠᠯ ᠤᠨ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠶᠢ ᠪᠡᠯᠭᠡᠳᠡᠭᠰᠡᠨ ᠪᠠᠶᠢᠨ᠎ᠠ᠃ ᠵᠡᠭᠦᠨ ᠠᠴᠠ ᠪᠠᠷᠠᠭᠤᠨᠰᠢ ᠢᠯᠡᠷᠬᠡᠶᠢᠯᠡᠯ ᠲᠡᠮᠳᠡᠭ ᠤᠨ ᠡᠮᠦᠨ᠎ᠡ ᠦᠵᠦᠭᠦᠷ ᠨᠢ ᠮᠣᠷᠢᠨ ᠤ ᠲᠣᠯᠣᠭᠠᠢ᠂ ᠬᠤᠶᠢᠲᠤ ᠦᠵᠦᠭᠦᠷ ᠨᠢ ᠬᠡᠶᠢᠰᠴᠦ ᠪᠠᠶᠢᠭ᠎ᠠ ᠲᠠᠯ ᠪᠠᠶᠢᠵᠤ᠂ ᠬᠠᠷᠠᠭᠠᠨ ᠰᠡᠷᠡᠯ ᠤᠨ ᠲᠠᠯ᠎ᠠ ᠪᠠᠷ ᠳᠠᠪᠬᠢᠨ ᠤᠷᠤᠭᠰᠢᠯᠠᠵᠤ ᠪᠠᠶᠢᠭ᠎ᠠ ᠮᠣᠩᠭᠤᠯ ᠮᠣᠷᠢᠨ ᠤ ᠳᠦᠷᠰᠦ ᠪᠠᠶᠢᠳᠠᠯ       ᠢᠯᠡᠷᠡᠵᠦ᠂ ︽ᠬᠦᠴᠢᠷ ᠪᠡᠷᠬᠡᠰᠢᠶᠡᠯ ᠢ ᠳᠠᠭᠠᠭᠠᠵᠤ᠂ ᠴᠤᠴᠠᠰᠢ ᠦᠭᠡᠢ ᠤᠷᠤᠭᠰᠢᠯᠠᠵᠤ᠂  ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠡᠯᠭᠡᠳᠡᠵᠡᠢ᠃ ᠤᠯᠠᠭᠠᠨ ᠲᠤᠭ ᠢᠯᠡᠷᠬᠡᠶᠢᠯᠡᠯ ᠲᠡᠮᠳᠡᠭ ᠤᠨ ᠳᠣᠣᠷ᠎ᠠ ᠦᠵᠦᠭᠦᠷ ᠨᠢ ᠤᠷᠲᠤ ᠴᠠᠭᠠᠨ ᠬᠡᠷᠡᠮ᠂ ᠬᠠᠲᠤᠨ ᠭᠤᠣᠯ ᠤᠨ ︽ᠲᠣᠬᠤᠢ ᠶᠢᠨ ᠬᠡᠰᠡᠭ︾ ᠪᠠ ᠲᠠᠯ᠎ᠠ ᠨᠤᠲᠤᠭ ᠪᠣᠯᠣᠨ᠎ᠠ᠃ ᠣᠷᠳᠣ ᠴᠠᠭᠠᠨ ᠬᠡᠷᠡᠮ ᠪᠣᠯᠣᠨ ᠬᠠᠲᠤᠨ ᠭᠤᠣᠯ ᠥᠪᠥᠷ ᠮᠣᠩᠭᠤᠯ ᠳᠤ ᠲᠠᠪᠤᠳᠠ  ᠵᠣᠯᠭᠠᠵᠤ᠂ ᠳᠤᠮᠳᠠᠳᠤ ᠶᠢᠨ ᠪᠣᠯᠪᠠᠰᠤᠨ ᠤ ᠭᠡᠷᠡᠯ ᠰᠠᠴᠤᠷᠠᠩᠭᠤᠢ ᠠᠮᠵᠢᠯᠲᠠ ᠶᠢ ᠠᠴᠢᠶᠠᠯᠠᠵᠤ᠂  ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠢᠯᠡᠷᠡᠭᠦᠯᠪᠡ᠃ ᠤᠯᠠᠭᠠᠨ ᠲᠤᠭ ᠤᠨ ᠵᠢᠭᠠᠭᠰᠠᠨ ᠴᠢᠭᠯᠡᠯ ᠪᠣᠯ ᠮᠣᠩᠭᠤᠯ ᠮᠣᠷᠢᠨ ᠤ ᠳᠡᠭᠦᠯᠢᠨ ᠤᠷᠤᠭᠰᠢᠯᠠᠬᠤ ᠴᠢᠭᠯᠡᠯ ᠮᠥᠨ᠂ ᠨᠠᠮ ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠪᠡᠯᠭᠡᠳᠡᠪᠡ᠃ ᠢᠯᠡᠷᠬᠡᠶᠢᠯᠡᠯ ᠲᠡᠮᠳᠡᠭ ᠤᠨ ᠪᠠᠷᠠᠭᠤᠨ ᠳᠡᠭᠡᠷ᠎ᠡ ᠲᠠᠯ᠎ᠠ ᠳᠠᠬᠢ ︽ᠤᠮᠠᠷᠠᠲᠤ ᠬᠢᠯᠢ ᠶᠢᠨ ᠰᠣᠶᠣᠯ︾ ᠤᠨ ᠲᠠᠮᠠᠭ᠎ᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠭᠤᠯᠤᠭᠳᠠᠬᠤᠨ ᠪᠠ ᠭᠦᠭ ᠠᠶᠠᠰ ᠢ ᠬᠦᠴᠦᠯᠡᠨ ᠢᠯᠡᠷᠡᠭᠦᠯᠵᠡᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号