2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠦᠨᠡᠯᠡᠬᠦ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠠᠳᠠᠯᠢᠳᠬᠠᠨ ᠰᠣᠩᠭᠤᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/2/11
  ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ  ᠲᠣᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠲᠥᠷᠥᠯ ᠵᠦᠢᠯ ᠪᠣᠯ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠦᠨᠡᠯᠡᠬᠦ ᠲᠥᠷᠥᠯ ᠵᠦᠢᠯ ᠪᠣᠯᠤᠨ᠎ᠠ᠃  ᠬᠤᠶᠠᠷ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠃  2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢᠨ ᠬᠠᠮᠲᠤ ᠪᠠᠶᠢᠴᠠᠭᠠᠨ ᠯᠠᠪᠯᠠᠬᠤ ᠵᠢᠷᠤᠭ ᠬᠠᠩᠭᠠᠨ᠎ᠠ︔  3. ᠣᠶᠢᠷ᠎ᠠ ᠶᠢᠨ ᠨᠢᠭᠡ ᠵᠢᠯ ᠤᠨ ᠭᠠᠶᠢᠯᠢ ᠲᠤᠰᠢᠶᠠᠭᠰᠠᠨ ᠭᠡᠷᠡᠴᠢ ︵ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠵᠦ ᠥᠭᠭᠦᠭᠰᠡᠨ ᠭᠠᠶᠢᠯᠢ ᠲᠤᠰᠢᠶᠠᠭᠰᠠᠨ ᠵᠣᠭᠤᠰ ᠲᠤᠰᠢᠶᠠᠭᠰᠠᠨ ᠪᠢᠴᠢᠭ ᠪᠤᠶᠤ ᠪᠠᠩᠬᠢ ᠶᠢᠨ ᠭᠠᠶᠢᠯᠢ ᠬᠠᠰᠤᠭᠰᠠᠨ ᠭᠡᠷᠡᠴᠢ ᠪᠠᠷ ᠪᠠᠷᠢᠮᠵᠢᠶ᠎ᠠ ᠪᠣᠯᠭᠠᠨ᠎ᠠ︶︔  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ ᠤᠨ ᠪᠠᠲᠤᠯᠠᠭ᠎ᠠ ᠶᠢ ᠪᠦᠷᠢᠯᠳᠦᠭᠦᠯᠵᠦ᠂ ᠲᠦᠷᠦᠯ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ︔  5. ᠵᠠᠷᠯᠢᠭᠳᠠᠨ ᠠᠵᠢᠯ ᠢ ᠨᠢ ᠵᠣᠭᠰᠤᠭᠠᠬᠤ᠂ ᠳᠠᠭᠠᠭᠠᠴᠢᠯᠠᠯᠲᠠ ᠬᠦᠯᠢᠶᠡᠬᠦ ᠬᠢᠷᠢ ᠭᠡᠮ ᠢ ᠨᠢ ᠬᠦᠴᠦᠨ ᠦᠭᠡᠢ ᠪᠣᠯᠭᠠᠬᠤ᠂ ᠡᠳ᠋ ᠬᠦᠷᠦᠨ᠋ᠭᠡ ᠶᠢ ᠨᠢ ᠬᠦᠯᠢᠶᠡᠨ ᠠᠪᠴᠤ ᠬᠠᠮᠢᠶᠠᠷᠬᠤ᠂ ᠴᠢᠪᠳᠠᠭᠯᠠᠬᠤ᠂ ᠲᠠᠮᠫᠤᠷᠠᠬᠤ ᠵᠡᠷᠭᠡ ᠪᠠᠶᠢᠳᠠᠯ ᠦᠭᠡᠢ ︔  6. ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠠᠴᠠ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠦᠭᠡᠢ ︔  7. ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠬᠦ ᠦᠭᠡᠢ᠃  ᠭᠤᠷᠪᠠ᠂ ᠣᠷᠣᠯᠠᠬᠤ ᠪᠠᠶᠢᠭᠤᠯᠤᠮᠵᠢ ᠳᠣᠤᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠶ  1. ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ︔  2. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠵᠢᠴᠢ ᠲᠥᠷᠥᠯ ᠵᠦᠢᠯ ᠤᠨ ᠬᠠᠷᠢᠭᠤᠴᠠᠯᠭᠠᠲᠠᠨ ᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︔  3. ᠣᠷᠣᠯᠠᠬᠤ ᠪᠠᠶᠢᠭᠤᠯᠤᠮᠵᠢ ᠶᠢᠨ ᠬᠢᠷᠢ ᠭᠡᠮ ᠤᠨ ᠱᠠᠭᠠᠷᠳᠠᠯᠭ᠎ᠠ ᠳᠤ ᠪᠤᠰᠤᠳ ᠭᠡᠷᠡᠴᠢᠯᠡᠬᠦ   ᠮᠠᠲ᠋ᠧᠷᠢᠶᠠᠯ ᠤᠳ︔  4. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ ᠶᠢ ᠨᠠᠶᠢᠷᠠᠭᠤᠯᠤᠨ ᠵᠣᠬᠢᠶᠠᠬᠤ ᠦᠢᠯᠡᠴᠢᠯᠡᠭᠡᠨ ᠤ ᠲᠥᠰᠦᠯ ᠵᠢᠴᠢ ᠦᠨ᠎ᠡ ᠮᠡᠳᠡᠭᠦᠯᠬᠦ︔  5. ᠲᠣᠰ ᠲᠥᠷᠥᠯ ᠵᠦᠢᠯ ᠤᠨ ᠬᠠᠷᠢᠭᠤᠴᠠᠯᠭᠠᠲᠠᠨ ᠤ ᠠᠵᠢᠯ ᠤᠨ ᠨᠠᠮᠲᠠᠷ᠂ ᠬᠢᠷᠢ ᠬᠡᠮ ᠵᠡᠷᠭᠡ ᠪᠠᠶᠢᠳᠠᠯ︔ ᠲᠥᠷᠥᠯ ᠵᠦᠢᠯ ᠤᠨ ᠳᠤᠭᠤᠶᠢᠯᠠᠩ ᠤᠨ ᠠᠵᠢᠯᠲᠠᠨ ᠤ ᠬᠢᠷᠢ ᠬᠡᠮ᠂ ᠠᠵᠢᠯ ᠤᠨ ᠨᠠᠮᠲᠠᠷ︔  6. ᠲᠤᠰᠠᠭᠠᠷ ᠠᠵᠢᠯᠯᠠᠬᠤ ᠭᠠᠵᠠᠷ ᠤᠨ ᠭᠡᠷᠡᠴᠢ᠂ ᠲᠤᠰᠠᠭᠠᠷ ᠵᠣᠬᠢᠶᠠᠨ ᠪᠠᠶᠢᠭᠤᠯᠤᠯᠲᠠ ᠶᠢᠨ ᠲᠠᠯᠠᠪᠤᠷ ᠭᠠᠵᠠᠷ ᠤᠨ ᠭᠡᠷᠡᠴᠢ᠂ ᠲᠠᠯᠠᠪᠤᠷ ᠭᠠᠵᠠᠷ ᠲᠤ ᠲᠦᠷᠢᠶᠡᠰᠦᠯᠡᠬᠦ ᠬᠡᠯᠡᠯᠴᠡᠭᠡᠷ ᠪᠤᠶᠤ ᠭᠡᠷ ᠪᠠᠶᠢᠰᠢᠩ ᠬᠤᠳᠠᠯᠳᠤᠨ ᠠᠪᠬᠤ ᠬᠡᠯᠡᠯᠴᠡᠭᠡᠷ ᠪᠤᠶᠤ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠵᠡᠷᠭᠡ ᠭᠡᠷᠡᠴᠢᠯᠡᠬᠦ ᠮᠠᠲ᠋ᠧᠷᠢᠶᠠᠯ ᠢ   ᠬᠠᠩᠭᠠᠨ᠎ᠠ︔  7. ᠬᠠᠮᠢᠶ᠎ᠠ ᠪᠦᠬᠦᠢ ᠠᠵᠢᠯ ᠤᠨ ᠠᠮᠵᠢᠯᠲᠠ ᠶᠢᠨ ᠮᠠᠲ᠋ᠧᠷᠢᠶᠠᠯ᠃  ᠲᠣᠳᠣᠷᠬᠠᠶᠢᠯᠠᠯ᠄ ᠳᠡᠭᠡᠷᠡᠬᠢ ᠮᠠᠲ᠋ᠧᠷᠢᠶᠠᠯ ᠤᠨ ᠪᠠᠭᠤᠯᠭᠠᠪᠤᠷᠢ ᠨᠢ ᠨᠢᠭᠡᠴᠢ ᠶᠢᠨ ᠲᠠᠮᠠᠭ᠎ᠠ ᠶᠢ ᠳᠠᠷᠤᠬᠤ ᠴᠢᠬᠤᠯᠠ ᠲᠠᠢ ᠪᠥᠭᠡᠳ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ ᠬᠠᠩᠭᠠᠬᠤ ᠬᠡᠷᠡᠭᠲᠡᠶ᠃  ᠳᠥᠷᠪᠡ᠂ ᠪᠢᠴᠢᠭ ᠮᠠᠲ᠋ᠧᠷᠢᠶᠠᠯ ᠤᠨ ᠴᠠᠭ ᠪᠠ ᠭᠠᠵᠠᠷ ᠢ ᠬᠠᠷᠢᠴᠠᠭᠤᠯᠤᠨ ᠭᠠᠷᠳᠠᠭᠤᠯᠬᠤ  1. ᠴᠠᠭ᠄ 2025 ᠣᠨ ᠤ 2 ᠳ᠋ᠤᠭᠠᠷ ᠰᠠᠷ᠎ᠠ ᠶᠢᠨ 12 ᠤᠨ ᠡᠳᠦᠷ ᠠᠴᠠ 2 ᠳ᠋ᠤᠭᠠᠷ ᠰᠠᠷ᠎ᠠ ᠶᠢᠨ 14 ᠤ ᠡᠳᠦᠷ᠂ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ 14᠄ 30 —17᠄ 00 ᠴᠠᠭ᠃  2. ᠭᠠᠵᠠᠷ ᠣᠷᠣᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ 614 ᠠᠯᠪᠠᠨ ᠭᠡᠷ  ᠲᠠᠪᠤ᠂ ᠳᠠᠭᠠᠭᠠᠴᠢᠯᠠᠯᠲᠠ ᠨᠡᠶᠢᠲᠡᠯᠡᠬᠦ ᠴᠠᠭ ᠵᠢᠴᠢ ᠭᠠᠵᠠᠷ  1. ᠳᠠᠭᠠᠭᠠᠴᠢᠯᠠᠯᠲᠠ ᠨᠡᠶᠢᠲᠡᠯᠡᠬᠦ ᠴᠠᠭ᠄ 2025 ᠣᠨ ᠤ 2 ᠳ᠋ᠤᠭᠠᠷ ᠰᠠᠷ᠎ᠠ ᠶᠢᠨ 15 ᠤ   ᠡᠳᠦᠷ ᠤᠨ 15᠄ 30 ᠴᠠᠭ᠃  2. ᠳᠠᠭᠠᠭᠠᠴᠢᠯᠠᠯᠲᠠ ᠵᠠᠷᠯᠠᠬᠤ ᠭᠠᠵᠠᠷ᠄ ᠬᠤᠳᠠᠯᠳᠤᠭᠠᠨ ᠤ ᠶᠠᠪᠤᠳᠠᠯ ᠤᠨ ᠲᠢᠩᠬᠢᠮ  3. ᠭᠤᠶᠤᠴᠢᠯᠠᠭᠴᠢ ᠶᠢᠨ ᠮᠡᠳᠡᠭᠦᠯᠦᠭᠰᠡᠨ ᠦᠨ᠎ᠡ᠂ ᠦᠢᠯᠡᠴᠢᠯᠡᠭᠡᠨ ᠤ ᠲᠥᠰᠦᠯ᠂ ᠠᠵᠢᠯ ᠤᠨ ᠠᠮᠵᠢᠯᠲᠠ ᠪᠦᠲᠦᠮᠵᠢ ᠵᠡᠷᠭᠡ ᠠᠭᠤᠯᠭ᠎ᠠ ᠶᠢ ᠬᠠᠷᠢᠴᠠᠭᠤᠯᠤᠨ ᠶᠡᠷᠦᠩᠬᠡᠶᠢᠯᠡᠨ ᠬᠠᠷᠢᠴᠠᠭᠤᠯᠵᠤ ᠪᠠᠶᠢᠭᠠᠳ ᠳᠠᠭᠠᠭᠠᠴᠢᠯᠠᠯᠲᠠ ᠣᠯᠣᠭᠰᠠᠳ ᠢ ᠰᠣᠩᠭᠤᠨ ᠲᠣᠭᠲᠠᠭᠠᠨ᠎ᠠ᠃  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ  ᠬᠠᠷᠢᠯᠴᠠᠬᠤ ᠬᠥᠮᠦᠨ᠄ ᠸᠠᠩ ᠶᠠ ᠮᠢᠩ  ᠬᠠᠷᠢᠯᠴᠠᠬᠤ ᠣᠳᠠᠰᠣ᠄ 6945209 
 
ᠢᠷᠡᠯᠲᠡ᠄ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号