| 2 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ 2025 ᠣᠨ ᠤ ᠪᠥᠬᠦ ᠬᠤᠲᠠ ᠶᠢᠨ ᠪᠠᠯᠠ ᠣᠷᠣᠭᠤᠯᠤᠯᠲᠠ ᠶᠢ | ᠠᠬᠢᠭᠤᠯᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠪᠠᠭ ᠤᠨ ᠭᠡᠰᠢᠭᠦᠨ᠂ ᠡᠯ᠎ᠡ ᠰᠠᠯᠠᠭ᠎ᠠ ᠠᠯᠪᠠᠨ ᠲᠠᠰᠤᠭ᠂ | ᠲᠥᠪ ᠤᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠺᠠᠳ᠋ᠷ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ᠂ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠶ᠃ | ᠬᠤᠷᠠᠯ ᠠᠴᠠ 2024 ᠣᠨ ᠤ ᠪᠠᠯᠠ ᠣᠷᠣᠭᠤᠯᠤᠯᠲᠠ ᠶᠢ ᠠᠬᠢᠭᠤᠯᠬᠤ ᠠᠵᠢᠯ ᠢ ᠨᠠᠷᠢᠨ ᠬᠢᠨᠠᠮᠠᠭᠠᠶ | ᠳ᠋ᠦᠩᠨᠡᠵᠦ᠂ 2025 ᠣᠨ ᠤ ᠠᠵᠢᠯ ᠢ ᠪᠠᠶᠢᠷᠢᠯᠠᠭᠤᠯᠤᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠂ | ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠪᠠᠯᠠ ᠣᠷᠣᠭᠤᠯᠤᠯᠲᠠ ᠶᠢ ᠠᠬᠢᠭᠤᠯᠬᠤ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ 2025 ᠪᠠᠯᠠ ᠣᠷᠣᠭᠤᠯᠤᠯᠲᠠ ᠶᠢ ᠠᠬᠢᠭᠤᠯᠬᠤ ᠠᠵᠢᠯ ᠢ ᠰᠠᠶᠢᠲᠤᠷ | ᠬᠢᠬᠦ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠤᠯᠠᠭᠠᠨᠴᠠᠪ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠵᠢᠶ ᠬᠤᠩ | ᠨᠥᠬᠦᠷ ᠶᠠᠷᠢᠶ᠎ᠠ ᠲᠠᠯᠪᠢᠪᠠ᠃ ᠬᠤᠷᠠᠯ ᠠᠴᠠ᠂ 2024 ᠣᠨ ᠳᠤ᠂ ᠪᠦᠬᠦ ᠬᠤᠳᠠ ᠶᠢᠨ ᠪᠡᠯᠡ ᠣᠷᠣᠭᠤᠯᠤᠯᠲᠠ ᠶᠢ | ᠠᠬᠢᠭᠤᠯᠬᠤ ᠠᠵᠢᠯ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ | ᠪᠣᠳᠠᠲᠠᠢ ᠳᠤ ᠰᠠᠭᠤᠷᠢᠯᠠᠵᠤ᠂ ᠪᠣᠳᠠᠲᠠᠢ ᠠᠵᠢᠯᠯᠠᠵᠤ᠂ ᠢᠳᠡᠪᠬᠢᠲᠡᠢ ᠦᠷ᠎ᠡ ᠪᠦᠲᠦᠮᠵᠢ ᠣᠯᠵᠤ᠂ ᠤᠯᠠᠭᠠᠨᠴᠠᠪ | ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠣᠯᠭᠤᠬᠤ ᠶᠢᠨ | ᠬᠠᠮᠲᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠵᠤ | ᠭᠠᠷᠭᠠᠪᠠ᠃ ᠬᠤᠷᠠᠯ ᠠᠴᠠ᠂ 2025 ᠣᠨ ᠳᠤ᠂ ᠪᠦᠬᠦ ᠬᠤᠳᠠ ᠶᠢᠨ ᠪᠡᠯᠡ ᠣᠷᠣᠭᠤᠯᠤᠯᠲᠠ ᠶᠢ ᠠᠬᠢᠭᠤᠯᠬᠤ | ᠠᠵᠢᠯ ᠳᠤ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ | ᠴᠢᠷᠮᠠᠶᠢᠵᠤ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ᠂ ᠪᠦᠬᠦ ᠵᠢᠯ ᠳᠤ ᠲᠣᠭᠲᠠᠭᠤᠨ ᠪᠠᠶᠢᠬᠤ ᠶᠢ | ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠣᠨ ᠤ ᠬᠠᠷᠠᠯᠲᠠ ᠡᠭᠦᠷᠭᠡ ᠶᠢ ᠪᠣᠳᠠᠲᠠᠶᠢᠵᠢᠭᠤᠯᠵᠤ᠂ ᠲᠦᠷᠦᠯ ᠵᠦᠢᠯ ᠢ | ᠣᠷᠣᠭᠤᠯᠤᠨ ᠠᠪᠴᠢᠷᠠᠬᠤ ᠪᠠᠷ ︽ᠬᠤᠷᠳᠤᠴᠠ ᠶᠢ ᠲᠦᠷᠭᠡᠳᠭᠡᠵᠦ︾᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢᠨ ︽ᠲᠦᠷᠭᠡᠨ ᠳᠠᠷᠤᠪᠴᠢ︾ ᠶᠢ ᠳᠠᠷᠤᠬᠤ ᠬᠡᠷᠡᠭᠲᠡᠢ︔ ᠭᠤᠣᠯᠳᠠᠯᠭ᠎ᠠ ᠲᠠᠢ ᠠᠵᠤ ᠦᠢᠯᠡᠰ᠂ | ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠᠯᠳᠤᠭᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ | ᠳᠡᠯᠭᠡᠨ ᠦᠵᠡᠭᠦᠯᠵᠦ ᠬᠤᠳᠠᠯᠳᠤᠭᠠᠴᠢᠨ ᠤᠷᠢᠬᠤ᠂ ᠪᠠᠭ᠎ᠠ ᠬᠤᠪᠢᠶᠠᠷᠢ ᠠᠩᠬᠢ ᠶᠢᠨ ᠬᠤᠳᠠᠯᠳᠤᠭᠠᠴᠢᠨ ᠤᠷᠢᠬᠤ᠂ | ᠠᠵᠤ ᠠᠬᠤᠶᠢᠯᠠᠯ ᠢᠶᠠᠷ ᠬᠤᠳᠠᠯᠳᠤᠭᠠᠴᠢᠨ ᠤᠷᠢᠬᠤ ︽ᠬᠠᠮ ᠠᠷᠭ᠎ᠠ︾ ᠶᠢ ᠰᠠᠶᠢᠲᠤᠷ ᠬᠢᠵᠦ᠂ ᠪᠦᠬᠦ ᠵᠢᠯ ᠤᠨ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠪᠡᠶ᠎ᠡ ᠤᠷᠪᠠᠭ᠋ᠤ ᠠᠵᠢᠯᠯᠠᠭ᠎ᠠ ᠶᠢ ᠰᠠᠶᠢᠲᠤᠷ ᠬᠢᠬᠦ ᠬᠡᠷᠡᠭᠲᠡᠢ︔ ᠭᠡᠷ᠎ᠡ | ᠲᠣᠭᠲᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ︽ᠲᠦᠷᠦᠯ | ᠵᠦᠢᠯ ᠤᠨ ᠬᠠᠮᠢᠶᠠᠷᠤᠭᠴᠢ︾ ᠶᠢᠨ ᠦᠢᠯᠡᠴᠢᠯᠡᠭᠡᠨ ᠤ ᠲᠣᠭᠲᠠᠴᠠ ᠶᠢ ᠴᠢᠩᠭᠠᠳᠬᠠᠵᠤ᠂ ᠠᠵᠤ ᠠᠬᠤᠶᠢᠯᠠᠯ ᠢ ᠳᠡᠮᠵᠢᠬᠦ | ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠭᠡᠷ᠎ᠡ ᠲᠣᠭᠲᠠᠬᠤ ᠠᠴᠠ | ᠨᠠᠶᠢᠳᠠᠪᠤᠷᠢᠵᠢᠭᠤᠯᠬᠤ ᠬᠦᠷᠲᠡᠯᠡᠬᠢ ᠡᠯ᠎ᠡ ᠭᠤᠭᠴᠤᠭ᠎ᠠ ᠳᠤ ᠴᠥᠮ ᠲᠤᠰᠬᠠᠢ ᠬᠥᠮᠦᠨ ᠮᠥᠷᠳᠡᠨ ᠦᠢᠯᠡᠴᠢᠯᠡᠬᠦ ᠶᠢ | ᠪᠠᠲᠤᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠪᠠᠲᠤᠯᠠᠵᠤ᠂ ᠪᠦᠬᠦ ᠵᠢᠯ ᠤᠨ | ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |