ᠲᠤᠰᠬᠠᠢ ᠵᠦᠢᠯ ᠤᠨ ᠪᠡᠯᠡ ᠮᠦᠩᠭᠦ ᠶᠢ ᠢᠯᠭᠠᠷᠠᠭᠤᠯᠤᠨ ᠪᠣᠳᠣᠵᠤ ᠬᠤᠳᠠᠯᠳᠤᠨ ᠠᠪᠬᠤ ᠵᠠᠷᠯᠠᠯ
ᠨᠡᠶᠢᠲᠡᠯᠡᠭᠰᠡᠨ ᠴᠠᠭ᠄
2025/3/13
  ᠨᠢᠭᠡ᠂ ᠦᠨᠳᠦᠰᠦᠨ ᠪᠠᠶᠢᠳᠠᠯ  ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ 2024 ᠣᠨ ᠤ 1 ᠳ᠋ᠦ᠋ᠭᠡᠷ ᠰᠠᠷ᠎ᠠ — 2024 ᠣᠨ ᠤ 12 ᠳ᠋ᠤᠭᠠᠷ ᠰᠠᠷ᠎ᠠ ᠶᠢᠨ ᠬᠠᠮᠢᠶ᠎ᠠ ᠪᠥᠬᠦᠶ ᠲᠤᠰᠬᠠᠶ ᠪᠠᠯᠠ ᠮᠥᠩᠭᠦ ᠶᠢ ᠢᠯᠭᠠᠷᠠᠭᠤᠯᠤᠨ ᠪᠤᠳᠤᠵᠤ᠂ ᠬᠠᠷᠢᠴᠠᠭᠤᠯᠤᠨ ᠰᠣᠩᠭᠤᠵᠤ ᠬᠤᠪᠢ ᠥᠭᠬᠦ ᠠᠷᠭ᠎ᠠ ᠮᠠᠶ᠋ᠢᠭ ᠢᠶᠠᠷ ᠬᠠᠩᠭᠠᠯᠭ᠎ᠠ ᠶᠢᠨ ᠬᠤᠳᠠᠯᠳᠤᠭᠠᠴᠢᠨ ᠢ ᠰᠣᠩᠭᠤᠨ ᠲᠣᠭᠲᠠᠭᠠᠵᠤ᠂ ᠣᠲᠣ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ ᠤ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ ᠪᠤᠢ᠃  ᠬᠤᠶᠠᠷ᠂ ᠲᠥᠷᠥᠯ ᠵᠦᠢᠯ ᠤᠨ ᠲᠦᠢᠮᠣ ᠪᠠᠶᠢᠳᠠᠯ  ︵ᠨᠢᠭᠡ︶ ᠲᠥᠷᠥᠯ ᠵᠦᠢᠯ ᠤᠨ ᠨᠡᠷᠡᠶᠢᠳᠦᠯ᠄ 2024 ᠣᠨ ᠤ 1 ᠳ᠋ᠦ᠋ᠭᠡᠷ ᠰᠠᠷ᠎ᠠ ᠠᠴᠠ 2024 ᠣᠨ ᠤ 12 ᠳ᠋ᠤᠭᠠᠷ ᠰᠠᠷ᠎ᠠ ᠶᠢᠨ ᠬᠤᠯᠪᠣᠭᠳᠠᠯ ᠪᠥᠬᠦᠶ ᠲᠤᠰᠬᠠᠶ ᠪᠠᠯᠠ ᠮᠥᠩᠭᠦ ᠶᠢᠨ ᠢᠯᠭᠠᠷᠠᠭᠤᠯᠤᠨ ᠪᠤᠳᠤᠬᠤ ᠲᠥᠷᠥᠯ ᠵᠦᠢᠯ  ︵ᠬᠤᠶᠠᠷ︶ ᠲᠥᠷᠥᠯ ᠵᠦᠢᠯ ᠤᠨ ᠳ᠋ᠤᠭᠠᠷ᠄ ᠥᠪᠥᠷ ᠬᠤᠳᠠᠯᠳᠤᠭᠠᠨ ᠲᠥᠯᠥᠪᠵᠢᠭᠦᠯᠭᠡ ᠡᠳ᠋ ᠵᠠᠰᠠᠭ ᠬᠤᠳᠠᠯᠳᠤᠨ ᠠᠪᠬᠤ ﹇2025﹈ 001 ᠳ᠋ᠦ᠋ᠭᠡᠷ ᠲᠤᠭᠠᠲᠦ  ︵ᠭᠤᠷᠪᠠ︶ ᠲᠦᠯᠦᠪᠯᠡᠭᠡᠨ ᠤ ᠪᠡᠯᠡ ᠣᠷᠣᠭᠤᠯᠤᠯᠲᠠ᠄ 9.5 ᠲᠦᠮᠡᠨ ᠲᠥᠭᠦᠷᠢᠭ  ︵ᠲᠦᠷᠪᠡ︶ ᠪᠡᠯᠡ ᠮᠥᠩᠭᠦ ᠶᠢᠨ ᠢᠷᠡᠯᠲᠡ᠄ ᠡᠳ᠋ ᠤᠨ ᠵᠠᠰᠠᠭ ᠤᠨ ᠪᠡᠯᠡ ᠮᠥᠩᠭᠦ  ᠭᠤᠷᠪᠠ᠂ ᠬᠤᠳᠠᠯᠳᠤᠨ ᠠᠪᠬᠤ ᠠᠭᠤᠯᠭ᠎ᠠ  2024 ᠣᠨ ᠤ 1 ᠳ᠋ᠦ᠋ᠭᠡᠷ ᠰᠠᠷ᠎ᠠ ᠠᠴᠠ 2024 ᠣᠨ ᠤ 12 ᠳ᠋ᠤᠭᠠᠷ ᠰᠠᠷ᠎ᠠ ᠶᠢᠨ ᠬᠤᠯᠪᠣᠭᠳᠠᠯ ᠪᠥᠬᠦᠶ ᠲᠤᠰᠬᠠᠶ ᠪᠠᠯᠠ ᠮᠥᠩᠭᠦ ᠶᠢᠨ ᠢᠯᠭᠠᠷᠠᠭᠤᠯᠤᠨ ᠪᠤᠳᠤᠬᠤ ᠦᠢᠯᠡᠴᠢᠯᠡᠭᠡ᠃  ᠳᠥᠷᠪᠡ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠤᠨ ᠱᠠᠭᠠᠷᠳᠠᠯᠭ᠎ᠠ  ︵ᠨᠢᠭᠡ︶ ᠬᠠᠩᠭᠠᠯᠭ᠎ᠠ ᠶᠢᠨ ᠬᠤᠳᠠᠯᠳᠤᠭᠠᠴᠢᠨ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ︔  ︵ᠬᠤᠶᠠᠷ︶ ᠬᠠᠩᠭᠠᠯᠭ᠎ᠠ ᠶᠢᠨ ᠬᠤᠳᠠᠯᠳᠤᠭᠠᠴᠢᠨ ᠡᠷᠬᠡᠪᠰᠢ ᠬᠦᠴᠦᠨ ᠪᠦᠬᠦᠢ ᠡᠵᠡᠩᠨᠡᠯᠲᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠢ ᠪᠦᠷᠢᠯᠳᠦᠭᠦᠯᠬᠦ ᠬᠡᠷᠡᠭᠲᠡᠢ︔  ︵ᠭᠤᠷᠪᠠ︶ ᠬᠦᠴᠦᠨ ᠲᠡᠭᠦᠯᠳᠡᠷ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠡᠷᠬᠢᠯᠡᠬᠦ ᠦᠨᠡᠮᠯᠡᠯ ᠲᠠᠢ︔  ︵ᠲᠦᠷᠪᠡ︶ ᠰᠡᠳᠦᠪ ᠤᠨ ᠬᠠᠷᠢᠭᠤᠴᠠᠯᠭᠠᠲᠠᠨ ᠨᠢ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠦᠨᠡᠮᠯᠡᠯ ᠲᠠᠢ︔  ︵ᠲᠠᠪᠤ︶ ᠲᠣᠰ ᠤᠳᠠᠭᠠᠨ ᠤ ᠬᠤᠳᠠᠯᠳᠤᠨ ᠠᠪᠬᠤ ᠳᠤ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠶᠢ ᠬᠦᠯᠢᠶᠡᠬᠦ ᠦᠭᠡᠢ᠃  ᠲᠠᠪᠤ᠂ ᠨᠡᠷ᠎ᠡ ᠮᠡᠳᠡᠭᠦᠯᠬᠦ ᠳᠤ ᠡᠷᠬᠡᠪᠰᠢ ᠮᠡᠳᠡᠬᠦ ᠴᠢᠬᠤᠯᠠᠲᠠᠢ  ︵ᠨᠢᠭᠡ︶ ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠃  ︵ᠬᠤᠶᠠᠷ︶ ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ 621 ᠳ᠋ᠦ᠋ᠭᠡᠷ ᠥᠷᠥᠭᠡ᠃  ︵ᠭᠤᠷᠪᠠ︶ ᠠᠪᠴᠤ ᠶᠠᠪᠤᠭ᠎ᠠ ᠮᠠᠲ᠋ᠧᠷᠢᠶᠠᠯ᠄  1. ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠲᠠᠢ︔  2. ᠠᠵᠤ ᠠᠬᠤᠶᠢᠯᠠᠯ ᠤᠨ ᠣᠶᠢᠷ᠎ᠠ ᠶᠢᠨ ᠬᠠᠭᠠᠰ ᠵᠢᠯ ᠳᠤ 2024 ᠣᠨ ᠤ 7 ᠳ᠋ᠤᠭᠠᠷ ᠰᠠᠷ᠎ᠠ ᠠᠴᠠ 2024 ᠣᠨ ᠤ 12 ᠳ᠋ᠤᠭᠠᠷ ᠰᠠᠷ᠎ᠠ ᠪᠣᠯᠲᠠᠯᠠᠬᠢ ᠭᠠᠶᠢᠯᠢ ᠲᠤᠰᠢᠶᠠᠭᠰᠠᠨ ᠭᠡᠷᠡᠴᠢ ︵ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠪᠠᠨ ᠳᠠᠷᠤᠭᠰᠠᠨ ᠪᠤᠶᠤ ᠭᠠᠷᠲᠠᠨ ᠡᠷᠬᠢᠯᠡᠬᠦ ᠪᠠᠩᠬᠢ ᠶᠢᠨ ᠲᠠᠮᠠᠭ᠎ᠠ ᠪᠠᠨ ᠳᠠᠷᠤᠭᠰᠠᠨ ᠵᠡᠷᠭᠡ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠨᠢ ᠭᠠᠶᠢᠯᠢ ᠲᠤᠰᠢᠶᠠᠭᠰᠠᠨ ᠰᠠᠷ᠎ᠠ ᠶᠢᠨ ᠭᠠᠶᠢᠯᠢ ᠮᠡᠳᠡᠭᠦᠯᠦᠭᠰᠡᠨ ᠦᠭᠡᠢ ᠭᠡᠷᠡᠴᠢ ᠪᠠᠷᠢᠮᠲᠠ︶ ᠲᠠᠢ︔  3. ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠡᠷᠬᠢᠯᠡᠬᠦ ᠦᠨᠡᠮᠯᠡᠯ ᠲᠠᠢ︔  4. ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠦᠨᠡᠮᠯᠡᠯ ᠲᠠᠢ︔  5. ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ︵www.creditchina.gov.cn ︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.gov.cn ︶ ᠶᠢᠨ ᠢᠲᠡᠭᠡᠮᠵᠢ ᠶᠢᠨ ᠪᠠᠶᠢᠴᠠᠭᠠᠨ ᠯᠠᠪᠯᠠᠬᠤ ᠲᠡᠮᠳᠡᠭᠯᠡᠯ ᠤᠨ ᠤᠭᠲᠤᠯᠤᠭᠰᠠᠨ ᠵᠢᠷᠤᠭ ᠢ ᠬᠠᠩᠭᠠᠨ᠎ᠠ︔  6. ᠬᠠᠩᠭᠠᠯᠭ᠎ᠠ ᠶᠢᠨ ᠬᠤᠳᠠᠯᠳᠤᠭᠠᠴᠢᠨ ᠣᠶᠢᠷ᠎ᠠ ᠶᠢᠨ ᠭᠤᠷᠪᠠᠨ ᠵᠢᠯ ᠳᠤ ᠬᠤᠳᠠᠯᠳᠤᠨ ᠠᠪᠬᠤ ᠠᠵᠢᠯᠯᠠᠭ᠎ᠠ ᠳᠤ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠤᠨ ᠲᠣᠳᠣᠷᠬᠠᠶᠢᠯᠠᠯᠲᠠ ᠶᠢᠨ ᠪᠢᠴᠢᠭ ᠦᠭᠡᠢ︔  7. ᠬᠠᠩᠭᠠᠯᠭ᠎ᠠ ᠶᠢᠨ ᠬᠤᠳᠠᠯᠳᠤᠭᠠᠴᠢᠨ ᠠᠴᠠ ᠣᠶᠢᠷ᠎ᠠ ᠶᠢᠨ ᠭᠤᠷᠪᠠᠨ ᠵᠢᠯ ᠤᠨ ᠠᠳᠠᠯᠢᠪᠳᠤᠷ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠬᠠᠩᠭᠠᠨ᠎ᠠ︔  8. ᠦᠨ᠎ᠡ ᠮᠡᠳᠡᠭᠦᠯᠬᠦ ᠬᠠᠭᠤᠳᠠᠰᠤ︔  9. ᠦᠢᠯᠡᠴᠢᠯᠡᠭᠡᠨ ᠤ ᠲᠥᠰᠦᠯ᠂ ᠦᠢᠯᠡᠴᠢᠯᠡᠭᠡᠨ ᠤ ᠠᠮᠠᠯᠠᠯᠲᠠ ᠵᠢᠴᠢ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ︔  10. ᠠᠵᠢᠯᠲᠠᠨ ᠤ ᠲᠣᠬᠢᠷᠠᠭᠤᠯᠤᠯᠲᠠ᠃  ᠳᠡᠭᠡᠷᠡᠬᠢ ᠮᠠᠲ᠋ᠧᠷᠢᠶᠠᠯ ᠢ ᠳᠡᠪᠲᠡᠷᠯᠡᠬᠦ ᠶᠢᠨ ᠬᠠᠮᠲᠤ ᠤᠭᠤᠲᠠᠨ ᠳᠤ ᠬᠢᠵᠦ ᠨᠢᠭᠲᠠ ᠪᠢᠲᠡᠭᠦᠮᠵᠢᠯᠡᠵᠦ᠂ ᠪᠢᠲᠡᠭᠦᠮᠵᠢᠯᠡᠬᠦ ᠬᠡᠰᠡᠭ ᠲᠤ ᠨᠢᠭᠡᠴᠢ ᠶᠢᠨ ᠠᠯᠪᠠᠨ ᠲᠠᠮᠠᠭ᠎ᠠ ᠳᠠᠷᠤᠵᠤ᠂ ᠮᠠᠲ᠋ᠧᠷᠢᠶᠠᠯ ᠳᠠᠬᠢ ᠪᠠᠭᠤᠯᠭᠠᠪᠤᠷᠢ ᠳᠤ ᠨᠢᠭᠡᠴᠢ ᠶᠢᠨ ᠠᠯᠪᠠᠨ ᠲᠠᠮᠠᠭ᠎ᠠ ᠳᠠᠷᠤᠬᠤ ᠬᠡᠷᠡᠭᠲᠡᠢ᠃  ︵ᠲᠦᠷᠪᠡ︶ ᠮᠠᠲ᠋ᠧᠷᠢᠶᠠᠯ ᠲᠤᠰᠢᠶᠠᠬᠤ ᠴᠠᠭ᠄ 2025 ᠣᠨ ᠤ 3 ᠳ᠋ᠤᠭᠠᠷ ᠰᠠᠷ᠎ᠠ ᠶᠢᠨ 17 ᠤ ᠡᠳᠦᠷ ᠤᠨ 17᠄ 00 ᠴᠠᠭ  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ  ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  ᠬᠠᠷᠢᠯᠴᠠᠬᠤ ᠬᠥᠮᠥᠨ᠄ ᠯᠢᠦ ᠹᠠᠩ  ᠤᠲᠠᠰᠤ᠄ 0471 – 6944927    2025 ᠣᠨ ᠤ 3 ᠳ᠋ᠤᠭᠠᠷ ᠰᠠᠷ᠎ᠠ ᠶᠢᠨ 13 ᠤ ᠡᠳᠦᠷ 
 
ᠢᠷᠡᠯᠲᠡ᠄ ᠲᠥᠯᠥᠪᠵᠢᠭᠦᠯᠭᠡ ᠡᠳ᠋ ᠤᠨ ᠶᠠᠪᠤᠳᠠᠯ ᠤᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号