ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠤᠩᠭᠤᠯ ᠬᠡᠯᠡᠨ ᠤ ᠰᠦᠯᠵᠢᠶᠡᠨ ᠦᠷᠳᠡᠭᠡ ᠶᠢᠨ ᠠᠵᠢᠯᠯᠠᠭᠤᠯᠵᠦ ᠪᠠᠳᠤᠯᠠᠬᠤ ᠬᠤᠳᠠᠯᠳᠤᠨ ᠠᠪᠬᠤ ᠠᠯᠪᠠᠨ ᠵᠠᠷ
ᠨᠡᠶᠢᠲᠡᠯᠡᠭᠰᠡᠨ ᠴᠠᠭ᠄
2025/3/13
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠮᠣᠩᠭᠤᠯ ᠬᠡᠯᠡᠨ ᠤ ᠰᠦᠯᠵᠢᠶᠡᠨ ᠥᠷᠲᠡᠭᠡ ᠶᠢᠨ ᠠᠵᠢᠯᠯᠠᠭᠤᠯᠵᠤ ᠪᠠᠲᠤᠯᠠᠬᠤ ᠠᠵᠢᠯ ᠢ ᠥᠷᠨᠢᠭᠦᠯᠵᠦ᠂ ᠬᠤᠪᠢ ᠥᠭᠬᠦ ᠠᠷᠭ᠎ᠠ ᠶᠢ ᠬᠡᠷᠡᠭᠯᠡᠨ ᠬᠠᠩᠭᠠᠯᠭ᠎ᠠ ᠶᠢᠨ ᠬᠤᠳᠠᠯᠳᠤᠭᠠᠴᠢᠨ ᠢ ᠰᠣᠩᠭᠤᠨ ᠲᠣᠭᠲᠠᠭᠠᠵᠤ᠂ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ ᠢᠶᠠᠷ ᠨᠡᠷ᠎ᠡ ᠮᠡᠳᠡᠭᠦᠯᠵᠦ ᠣᠷᠣᠯᠴᠠᠭᠤᠯᠬᠤ ᠶᠢ ᠪᠠᠶᠠᠷᠯᠠᠨ ᠤᠭᠲᠤᠵᠤ ᠪᠤᠢ᠃  ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ  1. ᠲᠥᠷᠥᠯ ᠵᠦᠢᠯ ᠤᠨ ᠨᠡᠷᠡᠶᠢᠳᠦᠯ  ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠤᠨ ᠮᠤᠩᠭᠤᠯ ᠬᠡᠯᠡᠨ ᠤ ᠰᠦᠯᠵᠢᠶᠡᠨ ᠥᠷᠲᠡᠭᠡ ᠶᠢᠨ ᠠᠵᠢᠯᠯᠠᠭᠤᠯᠵᠤ ᠪᠠᠲᠤᠯᠠᠬᠤ ᠲᠦᠷᠦᠯ ᠵᠦᠢᠯ  2. ᠲᠦᠯᠦᠪᠯᠡᠭᠡᠨ ᠤ ᠪᠡᠯᠡ ᠣᠷᠣᠭᠤᠯᠤᠯᠲᠠ᠄ 10 ᠲᠦᠮᠡᠨ ᠲᠦᠭᠦᠷᠢᠭ  3. ᠪᠡᠯᠡ ᠮᠥᠩᠭᠦ ᠶᠢᠨ ᠢᠷᠡᠯᠲᠡ᠄ ᠡᠳ᠋ ᠤᠨ ᠵᠠᠰᠠᠭ ᠤᠨ ᠪᠡᠯᠡ ᠮᠥᠩᠭᠦ  ᠬᠤᠶᠠᠷ᠂ ᠬᠤᠳᠠᠯᠳᠤᠨ ᠠᠪᠬᠤ ᠠᠭᠤᠯᠭ᠎ᠠ  ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠤᠩᠭᠤᠯ ᠬᠡᠯᠡᠨ ᠤ ᠰᠦᠯᠵᠢᠶᠡᠨ ᠦᠷᠳᠡᠭᠡ ᠶᠢᠨ ᠠᠵᠢᠯᠯᠠᠭᠤᠯᠵᠦ ᠪᠠᠳᠤᠯᠠᠬᠤ ᠠᠵᠢᠯ ᠢ ᠦᠷᠨᠢᠬᠦᠯᠦᠨ᠎ᠠ᠃  ᠭᠤᠷᠪᠠ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠤᠨ ᠱᠠᠭᠠᠷᠳᠠᠯᠭ᠎ᠠ  1. ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ︔  2. ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠳᠦᠷᠢᠮ ᠲᠠᠢ︔  3. ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠲᠠᠢ︔  4. ᠬᠠᠤᠯᠢ ᠶᠣᠰᠣᠭᠠᠷ ᠭᠠᠶᠢᠯᠢ ᠲᠠᠲᠠᠪᠤᠷᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠰᠠᠶᠢᠬᠠᠨ ᠲᠡᠮᠳᠡᠭᠯᠡᠯ ᠲᠠᠢ︔  5. ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠲᠠᠢ︔  6. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ  ᠲᠠᠢ︔  7. ᠲᠣᠰ ᠤᠳᠠᠭ᠎ᠠ ᠬᠤᠳᠠᠯᠳᠤᠨ ᠠᠪᠬᠤ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠶᠢ ᠬᠦᠯᠢᠶᠡᠬᠦ ᠥᠬᠡᠶ᠃  ᠳᠥᠷᠪᠡ᠂ ᠨᠡᠷ᠎ᠡ ᠮᠡᠳᠡᠭᠦᠯᠬᠦ ᠳᠤ ᠮᠡᠳᠡᠬᠦ ᠴᠢᠬᠤᠯᠠᠲᠠᠢ ᠵᠦᠢᠯ  ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠃  ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ 604 ᠳ᠋ᠦ᠋ᠭᠡᠷ ᠦᠷᠦᠭᠡ᠃  ᠠᠪᠴᠤ ᠶᠠᠪᠤᠭ᠎ᠠ ᠮᠠᠲ᠋ᠧᠷᠢᠶᠠᠯ᠄  1. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︔  2. ᠬᠦᠴᠦᠨ ᠪᠦᠬᠦᠢ ᠡᠵᠡᠩᠨᠡᠯᠲᠡ ᠶᠢᠨ ᠦᠨᠡᠮᠯᠡᠯ᠂ ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠤ ᠦᠨᠡᠮᠯᠡᠯ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠦᠨᠡᠮᠯᠡᠯ︔  3. 2023 ᠣᠨ ᠪᠤᠶᠤ 2024 ᠣᠨ ᠳᠤ ᠬᠢᠨᠠᠨ ᠪᠤᠳᠤᠯᠲᠠ ᠬᠢᠭᠰᠡᠨ ᠡᠳ᠋ ᠤᠨ ᠶᠠᠪᠤᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ ᠪᠤᠶᠤ 6 ᠰᠠᠷ᠎ᠠ ᠰᠢᠬᠠᠮ ᠤᠨ ᠬᠦᠴᠦᠨ ᠲᠠᠢ ᠲᠠᠩᠰᠠ ᠪᠠᠶᠢᠭᠤᠯᠤᠭᠰᠠᠨ ᠪᠠᠩᠬᠢ ᠶᠢᠨ ᠪᠠᠯᠠ ᠬᠥᠷᠥᠩᠭᠡ ᠶᠢᠨ ᠢᠲᠡᠭᠡᠮᠵᠢ ᠶᠢᠨ ᠭᠡᠷᠡᠴᠢ ᠪᠢᠴᠢᠭ ᠮᠠᠲ᠋ᠧᠷᠢᠶᠠᠯ ᠪᠤᠶᠤ ︽ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠤᠨ ᠢᠯᠡ ᠵᠠᠬᠢᠳᠠᠯ︾ ︵ᠬᠡᠯᠪᠡᠷᠢ ᠢᠶᠠᠨ ᠥᠪᠡᠷ ᠢᠶᠠᠨ ᠲᠥᠰᠥᠪᠯᠡᠭᠡ︶ ᠢᠶᠠᠨ ᠭᠠᠷᠭᠠᠵᠤ ᠥᠭᠭᠦᠨ᠎ᠡ︔  4. ᠣᠶᠢᠷ᠎ᠠ ᠶᠢᠨ ᠬᠠᠭᠠᠰ ᠵᠢᠯ ᠳᠤ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ ᠲᠤᠰᠢᠶᠠᠬᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠪᠤᠶᠤ ︽ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠲᠤᠰᠢᠶᠠᠬᠤ ᠠᠮᠠᠯᠠᠯᠲᠠ ᠶᠢᠨ ᠪᠢᠴᠢᠭ︾ ︵ᠬᠡᠯᠪᠡᠷᠢ ᠢᠶᠠᠨ ᠥᠪᠡᠷ ᠢᠶᠠᠨ ᠲᠥᠰᠥᠪᠯᠡᠭᠡ︶ ᠢᠶᠠᠨ ᠭᠠᠷᠭᠠᠵᠤ ᠥᠭᠭᠦᠨ᠎ᠡ︔  5. ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ᠳᠡᠭᠡᠷ᠎ᠡ ᠢᠲᠡᠭᠡᠮᠵᠢ ᠠᠯᠳᠠᠭᠰᠠᠨ ᠭᠦᠢᠴᠡᠳᠬᠡᠭᠴᠢ ᠬᠥᠮᠦᠨ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠪᠡᠶᠡᠴᠢ ᠴᠣᠭᠴᠠ᠂ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠦᠭᠡᠢ᠃  6. ᠬᠠᠩᠭᠠᠯᠭ᠎ᠠ ᠶᠢᠨ ᠬᠤᠳᠠᠯᠳᠤᠭᠠᠴᠢᠨ ᠭᠡᠷ᠎ᠡ ᠶᠢ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠲᠠᠢ ᠢᠯᠡᠷᠬᠡᠶᠢᠯᠡᠯᠲᠡ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠪᠠᠶᠢᠬᠤ ᠦᠭᠡᠢ ᠢᠯᠡᠷᠬᠡᠶᠢᠯᠡᠯᠲᠡ ᠶᠢᠨ ᠵᠠᠬᠢᠳᠠᠯ ︵ᠬᠡᠯᠪᠡᠷᠢ ᠢᠶᠠᠨ ᠥᠪᠡᠷ ᠢᠶᠠᠨ ᠲᠥᠰᠥᠪᠯᠡᠭᠡ︶︔  7. ᠬᠠᠩᠭᠠᠯᠭ᠎ᠠ ᠶᠢᠨ ᠬᠤᠳᠠᠯᠳᠤᠭᠠᠴᠢᠨ ᠳᠤ ᠡᠷᠬᠡᠪᠰᠢ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠤᠷᠠᠮᠠᠯ ᠬᠢᠷᠢ ᠬᠡᠮ ᠤᠨ ᠦᠨᠡᠮᠯᠡᠯ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠤᠨ ᠭᠡᠷᠡᠴᠢᠯᠡᠭᠡ ᠶᠢᠨ ᠦᠨᠡᠮᠯᠡᠯ᠂ ᠮᠣᠩᠭᠤᠯ ᠬᠡᠯᠡᠨ ᠤ ᠠᠭᠤᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ᠂ ᠳ᠋ᠤᠭᠠᠷᠯᠠᠨ ᠰᠣᠯᠢᠬᠤ ᠪᠠᠭᠠᠵᠢ ᠵᠡᠷᠭᠡ ᠲᠠᠯ᠎ᠠ ᠶᠢᠨ ᠬᠢᠷᠢ ᠬᠡᠮ ᠤᠨ ᠦᠨᠡᠮᠯᠡᠯ ᠢ ᠪᠦᠷᠢᠯᠳᠦᠭᠦᠯᠬᠦ ᠬᠡᠷᠡᠭᠲᠡᠢ︔  8. ᠬᠠᠩᠭᠠᠯᠭ᠎ᠠ ᠶᠢᠨ ᠬᠤᠳᠠᠯᠳᠤᠭᠠᠴᠢᠨ ᠠᠴᠠ ᠣᠶᠢᠷ᠎ᠠ ᠶᠢᠨ ᠭᠤᠷᠪᠠᠨ ᠵᠢᠯ ᠤᠨ ᠡᠶᠢᠮᠦᠷᠬᠦ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠬᠠᠩᠭᠠᠪᠠ︔  9. ᠦᠨ᠎ᠡ ᠮᠡᠳᠡᠭᠦᠯᠬᠦ ᠬᠠᠭᠤᠳᠠᠰᠤ︔  10. ᠦᠢᠯᠡᠴᠢᠯᠡᠭᠡᠨ ᠤ ᠲᠥᠰᠦᠯ᠂ ᠦᠢᠯᠡᠴᠢᠯᠡᠭᠡᠨ ᠤ ᠠᠮᠠᠯᠠᠯᠲᠠ ᠪᠣᠯᠤᠨ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠵᠢᠴᠢ ᠠᠵᠢᠯᠲᠠᠨ ᠤ ᠲᠣᠬᠢᠷᠠᠭᠤᠯᠤᠯᠲᠠ᠃  ᠳᠡᠭᠡᠷᠡᠬᠢ ᠮᠠᠲ᠋ᠧᠷᠢᠶᠠᠯ ᠢ ᠳᠡᠪᠲᠡᠷᠯᠡᠬᠦ ᠶᠢᠨ ᠬᠠᠮᠲᠤ ᠤᠭᠤᠲᠠᠨ ᠳᠤ ᠬᠢᠵᠦ ᠪᠢᠲᠡᠭᠦᠮᠵᠢᠯᠡᠵᠦ᠂ ᠪᠢᠲᠡᠭᠦᠮᠵᠢᠯᠡᠬᠦ ᠭᠠᠵᠠᠷ ᠲᠤ ᠪᠠᠶᠢᠭᠤᠯᠭ᠎ᠠ ᠶᠢᠨ ᠠᠯᠪᠠᠨ ᠲᠠᠮᠠᠭ᠎ᠠ ᠶᠢ ᠳᠠᠷᠤᠵᠤ᠂ ᠮᠠᠲ᠋ᠧᠷᠢᠶᠠᠯ ᠤᠨ ᠳᠣᠲᠣᠷ᠎ᠠ ᠬᠠᠭᠤᠯᠪᠤᠷᠢ ᠳᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠃  ︵ᠲᠦᠷᠪᠡ︶ ᠮᠠᠲ᠋ᠧᠷᠢᠶᠠᠯ ᠲᠤᠰᠢᠶᠠᠬᠤ ᠴᠠᠭ᠄ 2025 ᠣᠨ ᠤ 3 ᠳ᠋ᠤᠭᠠᠷ ᠰᠠᠷ᠎ᠠ ᠶᠢᠨ 17 ᠤ ᠡᠳᠦᠷ    17᠄ 00 ᠴᠠᠭ᠃  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ  ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  ᠬᠠᠷᠢᠯᠴᠠᠬᠤ ᠬᠥᠮᠦᠨ᠄ ᠳ᠋ᠢ ᠵᠢᠩ ᠴᠣᠣ  ᠤᠲᠠᠰᠤ᠄ 0471 – 6946274    2025 ᠣᠨ ᠤ 3 ᠳ᠋ᠤᠭᠠᠷ ᠰᠠᠷ᠎ᠠ ᠶᠢᠨ 12 ᠤᠨ ᠡᠳᠦᠷ 
 
ᠢᠷᠡᠯᠲᠡ᠄ ᠠᠯᠪᠠᠨ ᠭᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号