ᠨᠠᠷᠠᠲᠤ ᠲᠡᠮᠳᠡᠭ ᠤᠨ ᠶᠠᠰᠤ ᠴᠢᠨᠠᠷ — ᠠᠮᠢᠳᠤᠷᠠᠯ ᠳ᠋᠊ ᠤ ᠠᠰᠢᠭ ᠬᠦᠷᠲᠡᠭᠡᠬᠦ ︽ᠬᠤᠤᠰ ᠦᠢᠯᠡᠳᠭᠦᠨ ᠤ ᠰᠦᠯᠵᠢᠶᠡᠨ ᠳᠡᠭᠡᠷᠡᠬᠢ ᠬᠤᠳᠠᠯᠳᠤᠨ ᠠᠪᠬᠤ ᠪᠠᠶᠠᠷ︾ ᠲᠡᠭᠦᠰ ᠠᠮᠵᠢᠯᠲᠠ ᠲᠠᠢ ᠥᠨᠳᠥᠷᠯᠡᠬᠦ ᠠᠵᠢᠯᠯᠠᠭ᠎ᠠ ᠶᠢᠨ ᠳᠠᠶᠢᠨ ᠤ ᠮᠡᠳᠡᠭᠡ  ᠶᠢᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2025/5/13
  5 ᠳ᠋ᠤᠭᠠᠷ ᠰᠠᠷ᠎ᠠ ᠶᠢᠨ 13 ᠤ ᠡᠳᠦᠷ᠂ 15 ᠡᠳᠦᠷ ᠤᠨ ᠬᠤᠭᠤᠴᠠᠭ᠎ᠠ ᠲᠠᠢ ︽2025 ᠬᠤᠤᠰ ᠦᠢᠯᠡᠳᠭᠦᠨ ᠤ ᠰᠦᠯᠵᠢᠶᠡᠨ ᠳᠡᠭᠡᠷᠡᠬᠢ ᠬᠤᠳᠠᠯᠳᠤᠨ ᠠᠪᠬᠤ ᠪᠠᠶᠠᠷ︾ ᠵᠢᠩᠬᠢᠨᠢ ᠪᠠᠷ ᠥᠨᠳᠥᠷᠯᠡᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠣᠷᠣᠨ ᠳᠤ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ ᠨᠢ 35.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ᠃ ᠰᠦᠯᠵᠢᠶᠡᠨ ᠤ ᠵᠢᠵᠢᠭᠯᠡᠨ ᠬᠤᠳᠠᠯᠳᠤᠭᠰᠠᠨ ᠡᠬᠢᠨ ᠤ ᠭᠤᠷᠪᠠᠨ ᠪᠣᠳᠠᠲᠤ ᠲᠠᠸᠠᠷ ᠤᠨ ᠶᠡᠭᠡ ᠲᠥᠷᠥᠯ ᠨᠢ ᠲᠣᠰ ᠲᠣᠰ ᠠᠮᠤ ᠪᠤᠳᠠᠭ᠎ᠠ ᠲᠣᠰᠣ ᠢᠳᠡᠭᠡᠨ᠂ ᠬᠤᠪᠴᠠᠰᠤ ᠬᠤᠨᠠᠷ ᠱᠠᠬᠠᠶ ᠨᠡᠬᠡᠮᠡᠯ ᠪᠠᠷᠠᠭ᠎ᠠ ᠪᠠ ᠡᠳᠦᠷ ᠲᠤᠲᠤᠮ ᠤᠨ ᠬᠡᠷᠡᠭᠰᠡᠯ ᠪᠠᠶᠢᠵᠤ᠂ ᠦᠨᠢᠶᠡᠨ ᠰᠦ ᠨᠢ ᠮᠥᠨ ᠯᠡ ᠮᠠᠨ ᠤ ᠣᠷᠣᠨ ᠤ ᠡᠯᠧᠺᠲᠷᠣᠨ ᠬᠤᠳᠠᠯᠳᠤᠭᠠᠨ ᠤ ᠭᠤᠣᠯ ᠦᠢᠯᠡᠳᠬᠦᠨ ᠪᠤᠯᠵᠦ᠂ ᠰᠦᠯᠵᠢᠶᠡᠨ ᠤ ᠵᠢᠵᠢᠭᠯᠡᠨ ᠬᠤᠳᠠᠯᠳᠤᠬᠤ ᠲᠦᠷᠦᠭᠦᠤ ᠭᠤᠷᠪᠠᠨ ᠳᠡᠯᠭᠡᠭᠦᠷ ᠫᠦᠰᠡ ᠨᠢ ᠴᠥᠮ ᠰᠦ ᠵᠢᠴᠢ ᠴᠠᠭᠠᠨ ᠢᠳᠡᠭᠡᠨ ᠪᠣᠷᠣᠯᠠᠭᠤᠯᠬᠤ ᠳᠡᠯᠭᠡᠭᠦᠷ ᠪᠣᠯᠤᠨ᠎ᠠ᠃  ᠲᠣᠰ ᠭᠠᠵᠠᠷ ᠤᠨ ᠡᠯᠧᠺᠲᠷᠣᠨ ᠬᠤᠳᠠᠯᠳᠤᠭᠠᠨ ᠤ ᠲᠠᠪᠴᠠᠩ ᠨᠢ ᠣᠷᠣᠨ ᠪᠦᠰᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠰ ᠭᠠᠵᠠᠷ ᠤᠨ ᠬᠠᠩᠭᠠᠯᠭ᠎ᠠ ᠶᠢᠨ ᠬᠡᠯᠬᠢᠶ᠎ᠡ ᠪᠠᠨ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠪᠠᠷ ᠳᠠᠮᠵᠢᠭᠤᠯᠤᠨ᠂ ᠥᠪᠡᠷᠮᠢᠴᠡ ᠣᠨᠴᠠᠯᠢᠭ ᠲᠠᠢ ᠲᠠᠸᠠᠷ ᠭᠠᠷᠭᠠᠵᠤ᠂ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ ᠣᠷᠣᠨ ᠨᠤᠲᠤᠭ ᠤᠨ ᠨᠠᠷᠠᠲᠤ ᠲᠡᠮᠳᠡᠭ ᠲᠠᠢ ᠬᠤᠯᠪᠣᠭᠠᠯᠠᠨ ᠵᠠᠬᠢᠶᠠᠯᠠᠨ ᠦᠢᠯᠡᠳᠴᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠴᠢᠳ ᠤᠨ ︽ᠰᠢᠯᠢᠳᠡᠭ ᠦᠢᠯᠡᠳᠭᠦᠨ ᠰᠠᠶᠢᠨ ᠪᠣᠳᠠᠰ︾ ᠤᠨ ᠲᠤᠬᠠᠶ ᠬᠡᠷᠡᠭᠴᠡᠭᠡ ᠶᠢ ᠬᠠᠩᠭᠠᠭᠰᠠᠨ ᠮᠥᠷᠲᠡᠭᠡᠨ ᠪᠠᠰᠠ ᠣᠷᠣᠨ ᠨᠤᠲᠤᠭ ᠤᠨ ᠣᠨᠴᠠᠯᠢᠭᠲᠤ ᠦᠢᠯᠡᠳᠭᠦᠨ ᠤ ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ ᠳᠤ ᠬᠦᠴᠦᠨ ᠨᠡᠮᠡᠷᠢᠯᠡᠪᠡ᠃
5.13-1.jpg
  ︵ᠡᠾᠦ᠋ᠢ ᠮᠢᠨ ᠺᠠᠠ ᠬᠤᠳᠠᠯᠳᠤᠭᠠᠨ ᠤ ᠬᠤᠲᠠ︶
5.13-2.jpg
  ︵ᠵᠦᠡᠭ ᠵᠢᠶᠠ ᠰᠢᠯᠢᠳᠡᠭ ᠰᠤᠩᠭᠤᠮᠠᠯ︶
5.13-3.jpg
  ︵ᠲᠠᠯ᠎ᠠ ᠨᠤᠲᠤᠭ ᠤᠨ ᠬᠢᠨᠠᠨ ᠰᠣᠩᠭᠤᠯᠲᠠ ᠶᠢᠨ ᠬᠤᠳᠠᠯᠳᠤᠭᠠᠨ ᠤ ᠭᠤᠪᠢᠭᠤᠯᠭ᠎ᠠ︶
5.13-4.jpg
  ︵ᠱᠧᠩ ᠲᠢᠶᠠᠨ ᠠᠮᠢᠲᠦ ᠰᠤᠷᠭᠤᠭ ᠪᠦᠲᠦᠭᠡᠭᠳᠡᠭᠦᠨ︶  ᠲᠣᠰ ᠤᠳᠠᠭᠠᠨ ᠤ ᠠᠵᠢᠯᠯᠠᠭ᠎ᠠ ᠨᠢ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ ᠵᠠᠷᠴᠢᠮ ᠢ ᠵᠢᠷᠤᠮᠯᠠᠨ᠂ ᠣᠷᠣᠨ ᠤ ᠳᠣᠲᠣᠷᠠᠬᠢ ᠦᠪᠡᠰᠦᠪᠡᠨ ᠪᠠᠶᠢᠭᠤᠯᠤᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠂ ᠨᠠᠷᠠᠲᠤ ᠲᠡᠮᠳᠡᠭᠲᠦ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠶᠠᠰᠤ ᠴᠢᠨᠠᠷ ᠤᠨ ᠡᠯᠧᠺᠲᠷᠣᠨ ᠬᠤᠳᠠᠯᠳᠤᠭ᠎ᠠ︾᠂ ︽ᠭᠠᠳᠠᠭᠠᠳᠤ ᠠᠷᠠᠯᠵᠢᠶ᠎ᠠ ᠶᠢᠨ ᠰᠢᠯᠢᠳᠡᠭ ᠦᠢᠯᠡᠳᠭᠦᠨ ︾᠂ ︽ᠠᠬᠤᠶ ᠲᠠᠯᠠᠪᠠᠶ ᠶᠢᠨ ᠰᠢᠨ᠎ᠡ ᠶᠢ ᠡᠭᠦᠳᠬᠦ︾ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠶᠢᠨ ᠲᠡᠮᠳᠡᠭ ᠢ ᠨᠢᠭᠡᠳᠦᠯᠲᠡᠶ ᠨᠡᠮᠡᠵᠦ ᠡᠯᠭᠦᠵᠦ᠂ ᠨᠢᠭᠡᠳᠦᠯᠲᠡᠶ ᠲᠥᠯᠥᠪᠵᠢᠭᠦᠯᠦᠨ᠂ ᠨᠢᠭᠡᠳᠦᠯᠲᠡᠶ ᠤᠬᠠᠭᠤᠯᠵᠤ᠂ ︽ᠨᠠᠷᠠᠲᠤ ᠲᠠᠮᠳᠡᠭ ᠤᠨ ᠴᠢᠨᠠᠷ ᠴᠢᠨᠰᠠᠭ᠎ᠠ ᠠᠮᠢᠳᠤᠷᠠᠯ ᠳ᠋᠊ ᠤ ᠠᠰᠢᠭ ᠬᠦᠷᠲᠡᠭᠡᠬᠦ︾ ᠭᠤᠤᠯ ᠰᠡᠳᠦᠪ ᠤᠨ ᠲᠣᠭᠤᠷᠢᠨ ᠳᠤ ᠣᠯᠠᠨ ᠶᠠᠩᠵᠤ ᠶᠢᠨ᠂ ᠵᠦᠷᠢᠶᠡᠴᠢᠯᠡᠭᠰᠡᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠪᠠ᠃
5.13-5.jpg
  ︵ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠶᠢᠨ ᠠᠬᠤᠢ ᠲᠠᠯᠠᠪᠠᠢ ᠶᠢᠨ ᠵᠢᠷᠤᠭ︶  ᠠᠵᠢᠯᠯᠠᠭ᠎ᠠ ᠶᠢᠨ ᠲᠥᠯᠥᠭᠡ᠂ ᠮᠠᠨ ᠤ ᠣᠷᠣᠨ ᠪᠠᠰᠠ ︽ᠲᠠᠯ᠎ᠠ ᠨᠤᠲᠤᠭ ᠤᠨ ᠬᠠᠪᠤᠷ ᠤᠨ ᠬᠥᠭ ᠠᠶᠠᠰ · ᠠᠷᠤ ᠭᠠᠵᠠᠷ ᠤᠨ ᠰᠢᠨ᠎ᠡ ᠰᠣᠷᠭᠤᠭ ᠢᠳᠡᠭᠡᠨ ᠡᠷᠢᠬᠦ︾ ᠠᠵᠢᠯᠯᠠᠭ᠎ᠠ ᠶᠢ ᠥᠷᠨᠢᠭᠦᠯᠵᠦ᠂ ︽ᠲᠠᠯ᠎ᠠ ᠨᠤᠲᠤᠭ ᠤᠨ ᠶᠡᠭᠡ ᠳᠦᠷᠢ ᠶᠢᠨ ᠰᠢᠨ᠎ᠡ ᠰᠣᠷᠭᠤᠭ ᠢ ᠪᠣᠯᠢᠶᠠᠯᠳᠤᠬᠤ ᠤᠷᠤᠯᠳᠤᠭᠠᠨ︾ ᠢᠶᠠᠷ ᠭᠤᠣᠯ ᠰᠢᠵᠢᠮ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ᠂ ᠲᠠᠯ᠎ᠠ ᠨᠤᠲᠤᠭ ᠤᠨ ᠠᠮᠲᠠᠲᠤ ᠢᠳᠡᠭᠡᠨ ᠪᠣᠯᠤᠨ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠭᠤᠰᠤᠯᠴᠠᠭᠤᠯᠵᠤ᠂ ︽ᠤᠯᠠᠮᠵᠢᠯᠠᠯᠲᠤ ᠪᠠ ᠰᠢᠨ᠎ᠡ ᠶᠢ ᠡᠭᠦᠳᠴᠦ ᠬᠠᠮᠲᠤᠪᠠᠷ ᠣᠷᠣᠰᠢᠬᠤ︾ ᠰᠣᠶᠣᠯ ᠤᠨ ᠦᠪᠡᠳᠡᠭᠰᠢ ᠨᠠᠶᠢᠷ ᠢ ᠡᠭᠦᠳᠴᠦ᠂ ᠠᠯᠪᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠣᠰ ᠡᠳᠦᠷ 300 ᠲᠦᠮᠡ ᠰᠢᠬᠠᠮ ᠲᠣᠭᠤᠷᠢᠨ ᠦᠵᠡᠵᠦ᠂ ᠬᠠᠮᠤᠭ ᠤᠨ ᠥᠨᠳᠥᠷ ᠲᠡᠭᠡᠨ 6 ᠲᠦᠮᠡ + ᠬᠡᠷᠡᠭᠯᠡᠭᠴᠢᠳ ᠰᠦᠯᠵᠢᠶᠡᠨ ᠳᠡᠭᠡᠷ᠎ᠡ ᠦᠵᠡᠵᠦ᠂ ᠠᠵᠢᠯᠯᠠᠭ᠎ᠠ ᠶᠢᠨ ᠬᠠᠮᠲᠤᠷᠠᠯᠴᠠᠭᠠᠨ ᠤ ᠲᠠᠩᠰᠠᠨ ᠨᠣᠮᠧᠷ ᠤᠨ ᠶᠡᠷᠦᠩᠬᠡᠢ ᠠᠷᠠᠯᠵᠢᠶ᠎ᠠ ᠪᠦᠲᠦᠭᠰᠡᠨ ᠬᠡᠮᠵᠢᠶ᠎ᠡ ᠨᠢ 9000 ᠲᠦᠮᠡᠨ ᠲᠥᠭᠦᠷᠢᠭ ᠢ ᠳᠠᠪᠠᠪᠠ᠃  ᠡᠯ᠎ᠡ ᠠᠶᠢᠮᠠᠭ ᠬᠤᠲᠠ ᠨᠤᠭᠤᠳ ᠬᠠᠭᠤᠴᠢᠨ ᠢᠶᠠᠷ ᠰᠢᠨ᠎ᠡ ᠶᠢ ᠰᠣᠯᠢᠬᠤ᠂ ᠨᠠᠷᠠᠲᠤ ᠲᠡᠮᠳᠡᠭ ᠣᠨᠴᠠ ᠠᠰᠢᠭ ᠬᠦᠷᠲᠡᠭᠡᠬᠦ ᠵᠡᠷᠭᠡ ᠡᠯ᠎ᠡ ᠵᠦᠢᠯ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽5 · 1︾ ᠤ ᠠᠮᠠᠷᠠᠯᠲᠠ ᠶᠢᠨ ᠬᠤᠭᠤᠴᠠᠭ᠎ᠠ ᠶᠢ ᠠᠳᠬᠤᠨ ᠲᠥᠷᠥ ᠶᠢᠨ ᠪᠣᠳᠣᠯᠭ᠎ᠠ ᠶᠢᠨ ᠠᠰᠢᠭ ᠢ ᠤᠷᠲᠤᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠬᠤᠯᠪᠣᠭᠠᠯᠠᠨ ᠬᠥᠳᠡᠯᠦᠯᠴᠡᠭᠰᠡᠨ ᠬᠡᠷᠡᠭᠯᠡᠭᠡᠨ ᠤ ᠵᠠᠭᠪᠤᠷ ᠢ ᠠᠰᠢᠭᠯᠠᠨ᠂ ᠨᠠᠩ ᠣᠯᠠᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ᠴᠢᠨᠠᠷ ᠰᠠᠶᠢᠲᠠᠶ ᠲᠠᠸᠠᠷ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠴᠢᠨᠠᠷ ᠰᠠᠶᠢᠲᠠᠶ ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠵᠦ᠂ ᠴᠢᠨᠠᠷ ᠰᠠᠶᠢᠲᠠᠶ ᠬᠡᠷᠡᠭᠯᠡᠭᠡᠨ ᠤ ᠰᠠᠶᠢᠨ ᠰᠠᠶᠢᠬᠠᠨ ᠠᠵᠢᠯᠯᠠᠭᠠᠨ ᠤ ᠠᠭᠤᠷ ᠠᠮᠢᠰᠬᠤᠯ ᠢ ᠪᠣᠶ ᠪᠣᠯᠭᠠᠵᠤ᠂ ᠠᠵᠢᠯᠯᠠᠭ᠎ᠠ ᠨᠢ ᠲᠡᠭᠦᠰ ᠠᠮᠵᠢᠯᠲᠠ ᠲᠠᠢ ᠥᠨᠳᠥᠷᠯᠡᠪᠡ︕    ᠬᠡᠰᠡᠭ ᠭᠠᠵᠠᠷ ᠤᠷᠤᠨ ᠤ ᠠᠵᠢᠯᠯᠠᠭ᠎ᠠ ᠶᠢᠨ ᠤᠬᠠᠭᠤᠯᠭ᠎ᠠ ᠶᠢᠨ ᠵᠢᠷᠤᠭ
5.13-6.jpg
  ︵ᠬᠥᠬᠡᠬᠤᠲᠠ︶
5.13-7.jpg
  ︵ᠬᠦᠯᠦᠨ ᠪᠦᠢᠷ︶
5.13-8.jpg
  ︵ᠯᠢᠨ ᠾᠧ ᠲᠣᠭᠤᠷᠢᠭ︶
5.13-9.jpg
  ︵ᠲᠦᠴᠢᠦᠸᠠᠨ ᠰᠢᠶᠠᠨ︶
5.13-10.jpg
  ︵ᠤᠷᠠᠳ ᠤᠨ ᠳᠤᠮᠳᠠᠳᠤ ᠬᠤᠰᠢᠭᠤ︶
5.13-11.jpg
  ︵ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠶᠢᠨ ᠤᠭᠲᠤᠯᠤᠭᠰᠠᠨ ᠵᠢᠷᠤᠭ︶
5.13-12.jpg
  ︽ᠰᠤ᠋ ᠨᠢᠩ ᠢ ᠭᠸᠦ ᠬᠠᠭᠤᠴᠢᠨ ᠢᠶᠠᠷ ᠰᠢᠨ᠎ᠡ ᠶᠢ ᠰᠣᠯᠢᠬᠤ︾ 
 
ᠢᠷᠡᠯᠲᠡ᠄ ᠡᠯᠧᠺᠲᠷᠣᠨ ᠬᠤᠳᠠᠯᠳᠤᠭᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号