5 ᠰᠠᠷ᠎ᠠ ᠶᠢᠨ 12 ᠠᠴᠠ 13 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ ᠬᠤᠳᠠ ᠳᠤ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ | ᠰᠤᠳᠤᠯᠪᠠ᠃ | ᠰᠦᠨ ᠱᠤᠤ ᠴᠧᠩ ᠲᠡᠭᠦᠨ ᠤ ᠬᠠᠷᠢᠯᠴᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠤᠯᠬᠤ ᠰᠠᠨ ᠷᠦᠢ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠰᠠᠨ ᠫᠠᠩ ᠳ᠋ᠠᠨ | ᠢᠳᠡᠭᠡᠨ ᠤ ᠺᠤᠮᠫᠠᠨᠢ ᠳᠤ ᠬᠦᠷᠴᠦ᠂ ᠨᠡᠷᠡᠨ ᠬᠤᠸᠠᠷ ᠤᠨ ᠡᠭᠦᠯᠳᠡᠷ ᠪᠣᠶᠢᠵᠢᠭᠤᠯᠬᠤ᠂ ᠦᠢᠯᠡᠳᠬᠦᠨ ᠢ ᠰᠤᠳᠤᠯᠤᠨ | ᠨᠡᠭᠡᠭᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠢ ᠣᠶᠢᠯᠠᠭᠠᠵᠤ᠂ ᠠᠵᠤ | ᠠᠬᠤᠶᠢᠯᠠᠯ ᠤᠨ ᠬᠢᠨ ᠢ ᠪᠠᠶᠠᠵᠢᠭᠰᠠᠨ ᠴᠤ ᠤᠷᠤᠭᠰᠢᠯᠠᠨ ᠲᠠᠪᠰᠢᠬᠤ ᠶᠢ ᠪᠤᠳᠤᠵᠤ᠂ ᠦᠷ᠎ᠡ ᠡᠳ᠋ ᠤᠨ ᠳᠠᠪᠠᠭᠤᠯᠢᠭ᠂ | ᠶᠠᠰᠤ ᠴᠢᠨᠠᠷ ᠤᠨ ᠳᠠᠪᠠᠭᠤᠯᠢᠭ᠂ ᠲᠦᠷᠦᠯ ᠲᠡᠮᠳᠡᠭ ᠤᠨ ᠳᠠᠪᠠᠭᠤᠯᠢᠭ ᠢ ᠤᠶᠠᠯᠳᠤᠭᠤᠯᠵᠤ᠂ ᠪᠦᠭᠦ ᠤᠯᠤᠰ ᠤᠨ | ᠲᠣᠮᠣ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ | ᠥᠷᠭᠡᠳᠬᠡᠵᠦ᠂ ᠡᠵᠡᠩᠨᠡᠯᠲᠡ ᠶᠢᠨ ᠦᠷ᠎ᠡ ᠠᠰᠢᠭ ᠪᠣᠯᠣᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠤᠯᠠᠮ | ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ᠃ ᠰᠦᠨ ᠱᠤᠤ ᠴᠧᠩ᠂ ᠡᠯ᠎ᠡ ᠱᠠᠲᠤᠨ ᠤ ᠬᠢᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ | ᠪᠣᠳᠠᠲᠠᠢ ᠬᠠᠪᠰᠤᠷᠤᠨ ᠬᠦᠴᠢᠷᠳᠡᠯᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃ ᠯᠢᠨ ᠾᠧ | ᠲᠣᠭᠤᠷᠢᠭ ᠤᠨ ᠵᠢᠨᠴᠤᠸᠠᠨ ᠵᠡᠭᠡᠯᠢ ᠭᠤᠳᠤᠮᠵᠢ ᠶᠢᠨ ᠵᠢᠶᠠᠩ ᠯᠢᠨ ᠨᠡᠶᠢᠭᠡᠮ ᠲᠣᠭᠤᠷᠢᠭ ᠤᠨ ᠠᠷᠠᠳ ᠲᠤ ᠲᠦᠭᠦᠮ | ᠦᠵᠡᠭᠦᠯᠭᠦ ᠦᠢᠯᠡᠴᠢᠯᠡᠭᠡᠨ ᠤ ᠶᠡᠭᠡ ᠲᠢᠩᠬᠢᠮ ᠪᠣᠯᠣᠨ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ | ᠦᠢᠯᠡᠴᠢᠯᠡᠭᠡᠨ ᠤ ᠲᠥᠪ ᠲᠤ᠂ ᠰᠦᠨ ᠱᠤᠤ ᠴᠧᠩ ᠨᠡᠶᠢᠭᠡᠮ ᠲᠣᠭᠤᠷᠢᠭ ᠤᠨ ᠠᠵᠢᠯᠲᠠᠳ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠨᠡᠶᠢᠭᠡᠮ ᠲᠣᠭᠤᠷᠢᠭ ᠤᠨ ᠠᠵᠢᠯ ᠤᠨ ᠠᠭᠤᠯᠭ᠎ᠠ ᠪᠣᠯᠣᠨ ᠳᠠᠷᠤᠭᠠᠰᠤ ᠶᠢ | ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨᠴᠢ ᠬᠥᠮᠦᠵᠢᠯ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠳᠤ ᠠᠪᠤᠭᠰᠠᠨ ᠠᠷᠭ᠎ᠠ ᠬᠡᠮᠵᠢᠶ᠎ᠡ ᠶᠢ ᠯᠠᠪᠯᠠᠨ ᠠᠰᠠᠭᠤᠪᠠ᠃ ᠲᠡᠷᠡ᠂ ᠦᠨᠳᠦᠰᠦᠨ ᠱᠠᠲᠤᠨ ᠤ | ᠵᠠᠰᠠᠯᠲᠠ ᠶᠢ ᠴᠢᠩᠭᠠᠳᠬᠠᠬᠤ ᠳᠤ ᠠᠯᠢ ᠨᠢᠭᠡ ᠵᠦᠢᠯ ᠤᠨ ᠠᠵᠢᠯ ᠨᠢ ᠴᠤ ᠨᠡᠶᠢᠭᠡᠮ ᠲᠣᠭᠤᠷᠢᠭ ᠠᠴᠠ ᠰᠠᠯᠵᠤ | ᠴᠢᠳᠠᠬᠤ ᠦᠭᠡᠢ ᠶᠤᠮ᠂ ᠨᠡᠶᠢᠭᠡᠮ ᠲᠣᠭᠤᠷᠢᠭ ᠤᠨ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠡᠭᠦᠷᠭᠡᠯᠡᠬᠦ ᠴᠢᠬᠤᠯᠠ ᠦᠭᠡᠢ ᠶᠢ ᠨᠢ ᠡᠷᠡᠰ ᠬᠠᠰᠤᠵᠤ᠂ ᠦᠨᠳᠦᠰᠦᠨ ᠱᠠᠲᠤᠨ ᠤ ᠬᠢᠨ ᠨᠡᠩ | ᠤᠯᠠᠨ ᠤᠶᠤᠨ ᠴᠢᠳᠠᠯ ᠢᠶᠠᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠬᠤ ᠬᠡᠷᠡᠭᠲᠡᠢ᠃ ᠤᠯᠠᠨ ᠲᠦᠮᠡᠨ | ᠬᠦᠴᠢᠷᠳᠡᠯ ᠳᠤ ᠲᠤᠯᠭᠠᠷᠠᠭᠰᠠᠨ ᠦᠶ᠎ᠡ ᠳᠤ᠂ ᠨᠡᠶᠢᠭᠡᠮ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠬᠦᠷᠦᠯᠴᠡᠨ | ᠣᠴᠢᠵᠤ ᠣᠶᠢᠯᠠᠭᠠᠵᠤ᠂ ᠴᠠᠭ ᠲᠤᠬᠠᠢ ᠳᠤᠨᠢ ᠳᠡᠮᠵᠢᠯᠭᠡ ᠦᠵᠡᠭᠦᠯᠵᠦ ᠤᠯᠠᠨ ᠲᠦᠮᠡᠨ ᠢ ᠬᠠᠪᠰᠤᠷᠤᠨ ᠪᠣᠳᠠᠲᠠᠢ | ᠬᠦᠴᠢᠷᠳᠡᠯ ᠢ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠭᠡᠵᠡᠢ᠃ | | | | | | | | | | ᠪᠠᠶᠠᠨᠨᠠᠭᠤᠷ ᠬᠤᠳᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ | ᠰᠦᠨ ᠱᠤᠤ ᠴᠧᠩ᠂ ᠪᠠᠶᠠᠨᠨᠠᠭᠤᠷ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ | ᠤᠬᠠᠮᠰᠠᠷ ᠠᠴᠠ ᠪᠠᠨ᠂ ᠯᠠᠪᠳᠠᠭᠤᠨ ᠪᠠᠲᠤᠲᠠᠢ ᠠᠵᠢᠯᠯᠠᠵᠤ᠂ ᠢᠳᠡᠪᠬᠢᠲᠡᠢ ᠦᠷ᠎ᠡ ᠪᠦᠲᠦᠮᠵᠢ ᠣᠯᠪᠠ᠂ ᠠᠵᠢᠯ ᠢᠶᠠᠨ | ᠨᠡᠩ ᠰᠡᠳᠬᠢᠯ ᠲᠠᠯᠪᠢᠨ᠂ ᠨᠡᠩ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠣᠯᠣᠨ | ᠬᠦᠰᠡᠯ ᠨᠠᠶᠢᠳᠠᠯᠭ᠎ᠠ ᠶᠢᠨ ᠠᠴᠢ ᠶᠢ ᠬᠠᠷᠢᠭᠤᠯᠬᠤ ᠬᠡᠷᠡᠭᠲᠡᠢ᠃ ᠪᠠᠶᠠᠨᠨᠠᠭᠤᠷ ᠬᠤᠳᠠ ᠶᠢᠨ ᠮᠠᠯ ᠠᠵᠤ ᠠᠬᠤᠢ | ᠲᠠᠷᠢᠶᠠᠯᠠᠩ᠂ ᠠᠭᠤᠷᠬᠠᠢ ᠶᠢᠨ ᠭᠠᠷᠤᠯᠲᠠ᠂ ᠰᠣᠶᠣᠯ ᠵᠢᠭᠤᠯᠴᠢᠯᠠᠯ ᠵᠡᠷᠭᠡ ᠡᠬᠢ ᠪᠠᠶᠠᠯᠢᠭ ᠪᠦᠷ ᠨᠡᠯᠢᠶᠡᠳ ᠡᠯᠪᠡᠭ | ᠶᠤᠮ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠬᠥᠭᠵᠢᠯᠲᠡ ᠶᠢ ᠤᠬᠠᠭᠠᠯᠠᠨ ᠲᠥᠯᠥᠪᠯᠡᠬᠦ ᠲᠠᠢ ᠤᠶᠠᠯᠳᠤᠭᠤᠯᠵᠤ᠂ ᠴᠣᠬᠤᠮ ᠶᠠᠮᠠᠷ ᠶᠠᠮᠠᠷ ᠳᠠᠪᠠᠭᠤᠯᠢᠭ ᠲᠠᠢ᠂ ᠶᠠᠮᠠᠷ | ᠶᠠᠮᠠᠷ ᠭᠤᠣᠯᠳᠠᠯᠭ᠎ᠠ ᠲᠠᠢ ᠠᠵᠤ ᠦᠢᠯᠡᠰ ᠢ ᠲᠥᠪᠯᠡᠷᠡᠭᠦᠯᠦᠨ ᠪᠠᠶᠢᠭᠤᠯᠬᠤ ᠪᠠᠨ ᠲᠣᠳᠣᠷᠬᠠᠢ ᠪᠤᠳᠤᠵᠤ᠂ | ᠲᠣᠭᠲᠠᠭᠠᠮᠠᠭᠴᠠ ᠡᠷᠴᠢ ᠵᠣᠷᠢᠭ ᠢᠶᠠᠨ ᠬᠥᠪᠴᠢᠯᠡᠨ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ | ᠥᠪᠡᠷ ᠢᠶᠠᠨ ᠰᠡᠳᠬᠢᠯ ᠬᠠᠩᠬᠤ᠂ ᠪᠠᠭ᠎ᠠ ᠪᠠᠶᠠᠵᠢᠭᠰᠠᠭᠠᠷ ᠪᠣᠯᠴᠢᠬᠠᠬᠤ ᠰᠡᠳᠬᠢᠴᠡ ᠶᠢ ᠲᠡᠪᠴᠢᠵᠦ᠂ ᠠᠵᠤ | ᠦᠢᠯᠡᠰ ᠤᠨ ᠬᠥᠭᠵᠢᠯᠲᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠬᠡᠪᠴᠢᠶ᠎ᠡ ᠶᠢ | ᠶᠡᠬᠡᠰᠬᠡᠵᠦ᠂ ᠦᠢᠯᠡᠳᠬᠦᠨ ᠢᠶᠠᠨ ᠰᠢᠯᠢᠳᠡᠭᠵᠢᠭᠦᠯᠵᠦ᠂ ᠲᠦᠷᠦᠯ ᠲᠡᠮᠳᠡᠭ ᠢᠶᠠᠨ ᠬᠦᠴᠦᠷᠬᠡᠭᠵᠢᠭᠦᠯᠬᠦ ᠬᠡᠷᠡᠭᠲᠡᠢ᠃ | ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠴᠢᠭᠯᠡᠯ ᠪᠠ ᠪᠠᠶᠢᠷᠢᠯᠠᠭᠤᠯᠤᠯᠲᠠ ᠵᠡᠷᠭᠡ ᠪᠠᠶᠢᠯᠳᠤᠬᠤ ᠪᠣᠳᠣᠯᠭ᠎ᠠ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ︽ᠲᠠᠪᠤᠨ ᠶᠡᠭᠡ | ᠡᠭᠦᠷᠭᠡ︾ ᠵᠢᠴᠢ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ᠠᠵᠢᠯ ᠤᠨ ᠠᠬᠢᠴᠠ ᠪᠠᠨ ᠲᠦᠷᠭᠡᠳᠬᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠮᠠᠯ ᠠᠵᠤ ᠠᠬᠤᠢ ᠲᠠᠷᠢᠶᠠᠯᠠᠩ ᠤᠨ ᠦᠨᠳᠦᠰᠦᠨ | ᠬᠦᠴᠦᠨ ᠵᠦᠢᠯ ᠢ ᠲᠣᠭᠲᠠᠪᠤᠷᠢᠵᠢᠭᠤᠯᠵᠤ᠂ ᠮᠦ ᠨᠢᠭᠡᠴᠢ ᠶᠢᠨ ᠤᠨᠠᠯᠲᠠ ᠪᠠ ᠪᠣᠳᠠᠭᠠᠯᠢ ᠪᠡᠶ᠎ᠡ ᠶᠢᠨ ᠭᠠᠷᠤᠯᠲᠠ | ᠨᠡᠮᠡᠭᠳᠡᠭᠦᠯᠬᠦ ᠳᠤ ᠲᠦᠰᠢᠭᠯᠡᠨ ᠮᠠᠯ ᠠᠵᠤ ᠠᠬᠤᠢ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠭᠦ ᠶᠢ ᠨᠠᠩ | ᠴᠢᠬᠤᠯᠠᠴᠢᠯᠠᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ ᠤ ᠠᠵᠤ | ᠠᠬᠤᠢ ᠶᠢ ᠬᠥᠭᠵᠢᠭᠦᠯᠬᠦ ᠳᠤ ᠲᠦᠰᠢᠭᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠭᠦ ᠶᠢ ᠨᠠᠩ | ᠴᠢᠬᠤᠯᠠᠴᠢᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠢᠳᠡᠭᠡᠨ | ᠪᠤᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ | ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠪᠡ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | | |