ᠠᠵᠤ ᠦᠢᠯᠡᠰ ᠤᠨ ᠬᠥᠭᠵᠢᠯᠲᠡ — ᠥᠪᠥᠷ ᠮᠣᠩᠭᠤᠯ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ︽ᠲᠦᠷᠭᠡᠨ ᠪᠠᠶᠢᠭᠤᠯᠵᠤ᠂ ᠰᠠᠶᠢᠲᠤᠷ ᠬᠡᠷᠡᠭᠯᠡᠬᠦ︾ ᠶᠢ ᠠᠬᠢᠭᠤᠯᠪᠠ
ᠨᠡᠶᠢᠲᠡᠯᠡᠭᠰᠡᠨ ᠴᠠᠭ᠄
2025/5/16
  ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠨᠢ ᠴᠠᠬᠢᠯᠭᠠᠨ ᠬᠦᠴᠦᠨ ᠤ ᠠᠵᠢᠯᠯᠠᠭᠠᠨ ᠤ ︽ᠲᠣᠭᠲᠠᠪᠤᠷᠢᠵᠢᠭᠤᠯᠤᠭᠴᠢ︾ ᠪᠠ ︽ᠲᠣᠬᠢᠷᠠᠭᠤᠯᠤᠭᠴᠢ︾ ᠪᠣᠯᠤᠭᠰᠠᠨ ᠤ ᠬᠤᠪᠢ ᠳᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠬᠥᠭᠵᠢᠯᠲᠡ ᠶᠢ ᠲᠦᠷᠭᠡᠳᠬᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ︽ᠲᠦᠷᠭᠡᠨ ᠪᠠᠶᠢᠭᠤᠯᠵᠤ᠂ ᠰᠠᠶᠢᠲᠤᠷ ᠬᠡᠷᠡᠭᠯᠡᠬᠦ︾ ᠶᠢ ᠠᠬᠢᠭᠤᠯᠪᠠ᠃  ᠣᠶᠢᠯᠠᠭᠠᠭᠰᠠᠨ ᠢᠶᠠᠷ᠂ ᠥᠪᠥᠷ ᠮᠣᠩᠭᠤᠯ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠬᠥᠭᠵᠢᠯᠲᠡ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠳᠠᠪᠠᠯᠲᠠᠲᠤ ᠬᠡᠯᠪᠡᠷᠢ ᠪᠠᠷ ᠨᠡᠮᠡᠭᠳᠡᠬᠦ ᠶᠢ ᠪᠡᠶᠡᠯᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ᠂ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 708 ᠲᠦᠮᠡᠨ ᠺᠢᠯᠣᠸᠠᠲ ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠢᠶᠠᠷ ᠨᠡᠮᠡᠭᠳᠡᠵᠦ᠂ ᠶᠡᠷᠦᠩᠬᠡᠢ ᠬᠡᠪᠴᠢᠶ᠎ᠡ ᠨᠢ 1000 ᠲᠦᠮᠡᠨ ᠺᠢᠯᠣᠸᠠᠲ ᠢ ᠳᠠᠪᠠᠵᠤ᠂ ᠪᠥᠬᠦ ᠤᠯᠤᠰ ᠤᠨ ᠠᠩᠬᠠᠳᠠᠭᠴᠢ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠮᠢᠩᠭᠠᠨ ᠲᠦᠮᠡᠨ ᠺᠢᠯᠣᠸᠠᠲ ᠠᠴᠠ ᠳᠠᠪᠠᠭᠰᠠᠨ ᠮᠤᠵᠢ ᠪᠣᠯᠪᠠ᠃ ᠡᠬᠡ ᠪᠢᠴᠢᠭ ᠢ ᠶᠠᠪᠤᠭᠤᠯᠬᠤ ᠴᠠᠭ ᠪᠣᠯᠲᠠᠯ᠎ᠠ᠂ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠨᠢ ᠨᠡᠶᠢᠲᠡ 1086 ᠲᠦᠮᠡᠨ ᠺᠢᠯᠣᠸᠠᠲ ᠲᠤ ᠬᠦᠷᠴᠦ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃  ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ ︵2022 — 2025 ᠣᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠠᠭᠠᠷ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠲᠦᠷᠢᠮ︾ ᠢ ᠨᠡᠶᠢᠲᠡᠯᠡᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠥᠨᠳᠥᠷ ᠪᠦᠲᠦᠮᠵᠢᠲᠡᠶ ᠪᠠᠷ ᠳᠣᠭᠢᠷᠠᠭᠤᠯᠤᠨ ᠬᠡᠷᠡᠭᠯᠡᠬᠦ ᠶᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ 2025 ᠣᠨ ᠤ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠴᠡᠨᠡᠭᠯᠡᠭᠰᠡᠨ ᠬᠡᠮᠵᠢᠶ᠎ᠡ ᠨᠢ ᠨᠡᠶᠢᠲᠡ 7.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 420% ᠪᠠᠷ ᠳᠡᠭᠡᠭᠰᠢᠯᠡᠪᠡ︔ ᠴᠠᠬᠢᠯᠭᠠᠨ ᠲᠠᠯᠪᠢᠬᠤ ᠬᠡᠮᠵᠢᠶ᠎ᠡ ᠶᠢ ᠨᠡᠶᠢᠲᠡ 6.3 ᠳ᠋ᠦᠩᠰᠢᠭᠤᠷ ᠺᠢᠯᠣᠸᠠᠲ ᠴᠠᠭ ᠲᠤ ᠰᠢᠯᠵᠢᠭᠦᠯᠦᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 446% ᠪᠠᠷ ᠨᠡᠮᠡᠭᠳᠡᠪᠡ᠃ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠰᠢᠯᠵᠢᠭᠦᠯᠦᠨ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠭᠰᠡᠨ ᠨᠢ ᠥᠪᠥᠷ ᠮᠣᠩᠭᠤᠯ ᠤᠨ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃  ᠣᠳᠣᠬᠠᠨ ᠳᠤ᠂ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠨᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ᠂ ᠴᠠᠬᠢᠯᠭᠠᠨ ᠲᠠᠯᠪᠢᠬᠤ ᠬᠡᠮᠵᠢᠶ᠎ᠡ ᠶᠢ ᠨᠥᠬᠦᠪᠥᠷᠢᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠢᠭ ᠣᠯᠵᠤ᠂ ᠡᠷᠡᠭᠦᠯ ᠪᠥᠭᠡᠳ ᠰᠠᠶᠢᠨ ᠰᠠᠶᠢᠬᠠᠨ ᠬᠥᠭᠵᠢᠯᠲᠡ ᠶᠢᠨ ︽ᠲᠦᠷᠭᠡᠨ ᠵᠠᠮ︾ ᠳᠤ ᠤᠷᠤᠭᠰᠠᠨ ᠪᠠᠶᠢᠨ᠎ᠠ᠃ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠳᠤ ᠪᠠᠶᠢᠷᠢᠯᠠᠵᠤ ᠪᠠᠶᠢᠭ᠎ᠠ ᠪᠠᠶᠠᠯᠢᠭ ᠬᠠᠳᠠᠭᠠᠯᠠᠮᠵᠢ ᠶᠢᠨ ᠴᠠᠬᠢᠯᠭᠠᠨ ᠥᠷᠲᠡᠭᠡ ᠪᠠᠷ ᠵᠢᠱᠢᠶᠡᠯᠡᠪᠡᠯ᠂ 2025 ᠣᠨ ᠤ     1 — 4 ᠳ᠋ᠦ᠋ᠭᠡᠷ ᠰᠠᠷ᠎ᠠ ᠳᠤ᠂ ᠲᠣᠰ ᠴᠠᠬᠢᠯᠭᠠᠨ ᠥᠷᠲᠡᠭᠡᠨ ᠤ ᠰᠦᠯᠵᠢᠶᠡᠨ ᠳᠤ ᠭᠠᠷᠤᠭᠰᠠᠨ ᠴᠠᠬᠢᠯᠭᠠᠨ ᠤ ᠬᠡᠮᠵᠢᠶ᠎ᠡ  ᠨᠢ ᠨᠡᠶᠢᠲᠡ 4035 ᠲᠦᠮᠡᠨ ᠺᠢᠯᠣᠸᠠᠲ ᠴᠠᠭ ᠲᠤ ᠬᠦᠷᠴᠦ᠂ ᠶᠡᠷᠦᠩᠬᠡᠶᠢᠯᠡᠭᠰᠡᠨ ᠦᠷ᠎ᠡ ᠪᠦᠲᠦᠮᠵᠢ ᠨᠢ 94% ᠳᠤ ᠬᠥᠷᠪᠡ︔ ᠲᠥᠷᠥᠯ ᠵᠦᠢᠯ ᠪᠡᠶ᠎ᠡ ᠪᠠᠨ ᠳᠠᠭᠠᠭᠠᠵᠤ ᠴᠠᠬᠢᠯᠭᠠᠨ ᠴᠡᠨᠡᠭᠯᠡᠬᠦ ᠮᠤᠷᠤᠢ ᠱᠤᠭᠤᠮ ᠢ ᠭᠤᠶᠤᠴᠢᠯᠠᠨ ᠮᠡᠳᠡᠭᠦᠯᠵᠦ᠂   1 — 4 ᠳ᠋ᠦ᠋ᠭᠡᠷ ᠰᠠᠷ᠎ᠠ ᠳᠤ ᠲᠡᠩᠴᠡᠭᠦᠦ ᠦᠷ᠎ᠡ ᠠᠰᠢᠭᠲᠤ ᠪᠦᠬᠦ ᠪᠠᠭᠲᠠᠭᠠᠮᠵᠢ ᠨᠢ 116 ᠤᠳᠠᠭ᠎ᠠ ᠴᠠᠬᠢᠯᠭᠠᠨ ᠴᠡᠨᠡᠭᠯᠡᠵᠦ᠂ ᠳᠤᠮᠳᠠᠴᠢ ᠡᠳᠦᠷ ᠤᠨ ᠴᠠᠬᠢᠯᠭᠠᠨ ᠴᠡᠨᠡᠭᠯᠡᠬᠦ ᠠᠵᠢᠯ ᠢ 1 ᠤᠳᠠᠭ᠎ᠠ ᠬᠢᠵᠦ᠂ ᠠᠵᠢᠯᠯᠠᠭᠠᠨ ᠤ ᠵᠠᠭᠪᠤᠷ ᠢ ᠵᠦᠶ ᠵᠣᠬᠢᠰᠲᠠᠶ ᠲᠣᠬᠢᠷᠠᠭᠤᠯᠬᠤ᠂ ᠴᠠᠬᠢᠯᠭᠠᠨ ᠬᠦᠴᠦᠨ ᠤ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ︽ᠳᠣᠤᠷ᠎ᠠ ᠦᠨ᠎ᠡ ᠪᠠᠷ ᠬᠤᠳᠠᠯᠳᠤᠨ ᠠᠪᠬᠤ ᠥᠨᠳᠥᠷ ᠦᠨ᠎ᠡ ᠪᠠᠷ ᠬᠤᠳᠠᠯᠳᠤᠨ ᠭᠠᠷᠭᠠᠬᠤ︾ ᠳᠤ ᠣᠷᠣᠯᠴᠠᠬᠤ ᠪᠠᠷ ᠳᠠᠮᠵᠢᠭᠤᠯᠤᠨ᠂ ᠴᠠᠬᠢᠯᠭᠠᠨ ᠴᠡᠨᠡᠭᠯᠡᠬᠦ ᠳᠤᠮᠳᠠᠴᠢ ᠦᠨ᠎ᠡ ᠶᠢᠨ ᠵᠥᠷᠢᠶ᠎ᠡ ᠶᠢ 0.35 ᠲᠥᠭᠦᠷᠢᠭ / ᠺᠢᠯᠣᠸᠠᠲ ᠴᠠᠭ ᠲᠤ ᠬᠦᠷᠭᠡᠵᠦ᠂ ᠠᠵᠤ ᠠᠬᠤᠶ ᠶᠢᠨ ᠰᠠᠶᠢᠨ ᠠᠰᠢᠭ ᠣᠷᠣᠯᠭ᠎ᠠ ᠶᠢ ᠪᠡᠶᠡᠯᠡᠭᠦᠯᠪᠡ᠃ ︵ᠾᠧᠦ ᠴᠢᠶᠠᠨ︶ 
 
ᠢᠷᠡᠯᠲᠡ᠄ ᠰᠢᠨᠬᠤᠸᠠ ᠡᠳ᠋ ᠤᠨ ᠵᠠᠰᠠᠭ ᠠᠵᠤ ᠠᠬᠤᠢ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号