ᠬᠠᠪᠤᠷ ᠤᠨ ᠤᠯᠠᠷᠢᠯ ᠳᠠᠬᠢ ᠥᠪᠥᠷ ᠮᠣᠩᠭᠤᠯ ᠤᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠭᠠᠵᠠᠷ | ᠪᠣᠯᠭᠠᠨ ᠳᠤ ᠥᠷᠨᠢᠭᠦᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠰᠤᠪᠤᠷᠭᠠᠨ ᠡᠯᠭᠦᠭᠡ ᠥᠨᠳᠥᠷ ᠰᠦᠨᠳᠡᠷᠯᠡᠵᠦ᠂ ᠡᠮᠬᠢ ᠵᠢᠷᠤᠮ ᠲᠠᠢ ᠪᠠᠷ ᠠᠵᠢᠯᠯᠠᠨ᠎ᠠ︔ | ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ᠂ ᠮᠠᠰᠢᠨ ᠬᠦᠩᠭᠢᠨᠡᠵᠦ᠂ ᠥᠨᠳᠥᠷ ᠪᠦᠲᠦᠮᠵᠢᠲᠡᠶ ᠪᠠᠷ | ᠠᠵᠢᠯᠯᠠᠨ᠎ᠠ᠃ ᠲᠦᠷᠦᠯ ᠵᠦᠢᠯ ᠤᠳ ᠢ ᠡᠬᠢᠯᠡᠨ ᠪᠦᠲᠦᠭᠡᠨ ᠪᠠᠶᠢᠭᠤᠯᠵᠤ᠂ ᠬᠦᠷ ᠬᠥᠭᠵᠢᠶᠡᠨ ᠲᠠᠢ ᠠᠵᠤ | ᠦᠢᠯᠡᠰ ᠤᠨ ᠡᠷᠡᠯᠬᠡᠭᠯᠡᠨ ᠤᠷᠤᠭᠰᠢᠯᠠᠬᠤ ᠵᠢᠷᠤᠭ ᠢ ᠬᠠᠮᠲᠤᠪᠠᠷ ᠵᠢᠷᠤᠭᠯᠠᠵᠤ᠂ ᠡᠭᠦᠨ ᠤ ᠠᠷᠤ ᠳᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠦᠴᠦᠷᠬᠡᠭ ᠶᠡᠭᠡ ︽ᠬᠥᠳᠡᠯᠭᠡᠭᠦᠷ︾ ᠪᠣᠯᠭᠠᠵᠤ᠂ ᠣᠷᠣᠨ | ᠪᠦᠰᠡ ᠶᠢᠨ ᠠᠵᠤ ᠠᠬᠤᠢ ᠶᠢᠨ ᠬᠤᠷᠳᠤᠴᠠ ᠶᠢ ᠲᠦᠷᠭᠡᠳᠭᠡᠬᠦ ᠶᠢ ᠠᠬᠢᠭᠤᠯᠪᠠ᠃ | ᠥᠪᠥᠷ ᠮᠣᠩᠭᠤᠯ ᠤᠨ ᠬᠠᠩ ᠱᠦᠸᠧ ᠬᠤᠭᠤᠯᠠᠶ ᠶᠢᠨ ᠬᠢᠵᠠᠭᠠᠷᠲᠤ ᠺᠣᠮᠫᠠᠨᠢ ᠶᠢᠨ ᠶᠡᠭᠡ ᠠᠮᠠ ᠲᠠᠢ ᠪᠣᠯᠣᠳ | ᠬᠤᠭᠤᠯᠠᠶ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠳᠤ ᠣᠷᠣᠬᠤ ᠳᠤ᠂ ᠬᠠᠮᠤᠭ ᠤᠨ | ᠰᠡᠭᠦᠯᠴᠢ ᠶᠢᠨ ᠨᠢᠭᠡ ᠲᠡᠷᠭᠡ ᠪᠧᠲ᠋ᠤᠨ ᠠᠭᠠᠵᠢᠮ ᠢᠶᠠᠷ ᠰᠠᠭᠤᠷᠢ ᠲᠠᠯᠪᠢᠬᠤ ᠶᠢ ᠳᠠᠭᠠᠯᠳᠤᠨ᠂ ᠲᠥᠷᠥᠯ ᠵᠦᠢᠯ ᠤᠨ | ᠰᠠᠭᠤᠷᠢ ᠪᠠᠷᠢᠯᠭ᠎ᠠ ᠪᠥᠬᠦ ᠲᠠᠯ᠎ᠠ ᠪᠠᠷ ᠢᠯᠠᠯᠲᠠ ᠣᠯᠤᠭᠰᠠᠨ ᠢ ᠬᠠᠷᠠᠭᠤᠯᠵᠤ ᠪᠠᠶᠢᠨ᠎ᠠ᠃ ︽ᠮᠠᠨ ᠤ ᠡᠨᠡ ᠬᠦ ᠲᠥᠷᠥᠯ | ᠵᠦᠢᠯ ᠤᠨ ᠬᠠᠮᠢᠶᠠᠷᠤᠯᠲᠠ ᠶᠢᠨ ᠮᠠᠲ᠋ᠧᠷᠢᠶᠠᠯ ᠦᠢᠯᠡᠳᠬᠦ᠂ ᠢᠯᠵᠢᠷᠡᠬᠦ ᠶᠢ ᠰᠡᠷᠭᠡᠶᠢᠯᠡᠬᠦ᠂ ᠳᠤᠯᠠᠭᠠᠨ ᠢ ᠬᠠᠮᠠᠭᠠᠯᠠᠬᠤ ᠶᠢ | ᠨᠢᠭᠡ ᠴᠣᠭᠴᠠ ᠪᠣᠯᠭᠠᠵᠤ᠂ ᠳᠤᠯᠠᠭᠠᠨ ᠢ ᠬᠠᠮᠠᠭᠠᠯᠠᠬᠤ᠂ ᠢᠯᠵᠢᠷᠡᠬᠦ ᠶᠢ ᠰᠡᠷᠭᠡᠶᠢᠯᠡᠬᠦ ᠪᠣᠯᠪᠠᠰᠤᠷᠠᠭᠤᠯᠬᠤ ᠣᠯᠠᠨ | ᠦᠢᠯᠡᠳᠪᠦᠷᠢ ᠬᠤᠳᠠᠯᠳᠤᠭᠠᠴᠢᠨ ᠪᠠ ᠬᠤᠭᠤᠯᠠᠢ ᠲᠣᠨᠤᠭ ᠤᠨ ᠦᠢᠯᠡᠳᠪᠦᠷᠢ ᠬᠤᠳᠠᠯᠳᠤᠭᠠᠴᠢᠨ ᠢ ᠣᠷᠣᠭᠤᠯᠤᠨ | ᠠᠪᠴᠢᠷᠠᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠤᠨ ᠪᠣᠯᠣᠳ ᠲᠡᠮᠦᠷ ᠤᠨ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠴᠢᠨᠠᠷ ᠰᠠᠶᠢᠲᠠᠢ ᠬᠥᠭᠵᠢᠬᠦ ᠶᠢ | ᠠᠬᠢᠭᠤᠯᠬᠤ ᠵᠠᠩᠭᠢᠯᠠᠭ᠎ᠠ ᠶᠢᠨ ᠲᠥᠷᠥᠯ ᠵᠦᠢᠯ ᠪᠣᠯᠤᠨ᠎ᠠ︾ ᠭᠡᠵᠡᠶ᠃ ᠥᠪᠥᠷ ᠮᠣᠩᠭᠤᠯ ᠤᠨ ᠬᠠᠩ ᠱᠦᠸᠧ | ᠬᠤᠭᠤᠯᠠᠶ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠬᠥ᠋ ᠯᠦᠩ ᠤᠨ ᠲᠠᠨᠢᠯᠴᠠᠭᠤᠯᠤᠭᠰᠠᠨ ᠢᠶᠠᠷ᠂ ︽ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠣᠮᠣ ᠰᠢᠰᠲ᠋ᠧᠮ ᠤᠨ ᠪᠣᠯᠣᠳ ᠬᠤᠭᠤᠯᠠᠶ ᠶᠢᠨ ᠪᠤᠭᠤᠲᠤ | ᠬᠤᠲᠠ ᠳᠤ ᠪᠣᠯᠣᠳ ᠬᠤᠭᠤᠯᠠᠶ ᠶᠢᠨ ᠦᠢᠯᠡᠳᠪᠦᠷᠢᠯᠡᠯ᠂ ᠬᠤᠭᠤᠯᠠᠶ ᠲᠣᠨᠤᠭ ᠤᠨ ᠡᠳ᠋ᠰᠢᠭᠦᠯᠭᠡ᠂ ᠢᠯᠵᠢᠷᠠᠯ ᠢ | ᠰᠡᠷᠭᠡᠶᠢᠯᠡᠬᠦ ᠪᠠ ᠳᠤᠯᠠᠭᠠᠨ ᠢ ᠬᠠᠮᠠᠭᠠᠯᠠᠨ ᠡᠳ᠋ᠰᠢᠭᠦᠯᠬᠦ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ ᠬᠥᠮᠥᠷᠭᠡᠯᠡᠨ | ᠬᠠᠳᠠᠭᠠᠯᠠᠬᠤ ᠦᠢᠯᠡᠴᠢᠯᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠠᠵᠤ | ᠦᠢᠯᠡᠰ ᠤᠨ ᠠᠮᠢ ᠠᠬᠤᠶ ᠶᠢ ᠠᠬᠢᠭᠤᠯᠵᠤ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠪᠣᠯᠣᠳ ᠲᠡᠮᠦᠷ ᠤᠨ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠳᠠᠪᠠᠭᠤᠯᠢᠭ ᠢ ᠤᠷᠲᠤᠳᠬᠠᠬᠤ ᠶᠢ ᠠᠬᠢᠭᠤᠯᠬᠤ ᠪᠣᠯᠤᠨ᠎ᠠ︾ | ᠭᠡᠵᠡᠶ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠬᠦ ᠶᠢᠨ ᠲᠥᠯᠥᠭᠡ᠂ ᠬᠥᠨᠳᠡᠯᠡᠨ ᠲᠣᠭᠤᠷᠢᠭ ᠳᠥᠷᠪᠡᠨ ᠶᠡᠭᠡ ᠪᠠᠭ ᠢᠶᠠᠷ ᠲᠦᠷᠦᠭᠦᠯᠡᠭᠦᠯᠦᠭᠰᠡᠨ ᠲᠤᠰᠬᠠᠶ | ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ 16 ᠵᠤᠷᠪᠤᠰ ᠭᠤᠤᠯᠳᠠᠯᠭ᠎ᠠ ᠲᠠᠢ ᠠᠵᠤ ᠦᠢᠯᠡᠰ ᠤᠨ | ᠤᠷᠤᠯᠳᠤᠭᠠᠨ ᠤ ᠵᠠᠮ ᠶᠣᠰᠣᠭᠠᠷ᠂ ᠲᠤᠰᠬᠠᠶᠢᠵᠢᠭᠰᠠᠨ ︽ᠬᠤᠳᠠᠯᠳᠤᠭᠠᠴᠢᠨ ᠤᠷᠢᠬᠤ ᠭᠠᠪᠰᠢᠭᠠᠶ ᠠᠩᠭᠢ︾ ᠶᠢ | ᠵᠣᠬᠢᠶᠠᠨ ᠪᠠᠶᠢᠭᠤᠯᠵᠤ᠂ ᠬᠠᠷᠠᠯᠲᠠᠲᠤ ᠠᠵᠤ ᠠᠬᠤᠶᠢᠯᠠᠯ ᠲᠠᠢ ᠣᠨᠣᠪᠴᠢᠲᠠᠶ ᠵᠣᠯᠭᠠᠭᠤᠯᠪᠠ᠃ | ︽ᠲᠠ ᠰᠠᠶᠢᠨ ᠦᠦ᠂ ᠪᠢᠳᠡ ᠲᠠᠨ ᠤ ᠲᠡᠨᠳᠡ ᠪᠡᠯᠡ ᠣᠷᠣᠭᠤᠯᠬᠤ ᠰᠠᠨᠠᠭ᠎ᠠ ᠲᠠᠢ ᠪᠠᠶᠢᠬᠤ ᠶᠢ ᠣᠶᠢᠯᠠᠭᠠᠯ᠎ᠠ᠂ | ᠳᠥᠭᠦᠮ ᠪᠣᠯ ᠲᠠᠨ ᠳᠤ ᠶᠠᠪᠤᠭᠤᠯᠵᠤ ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠤᠭᠤᠳ ᠢ ᠦᠵᠡᠵᠦ | ᠪᠣᠯᠣᠨ᠎ᠠ︾᠃ ᠪᠣᠯᠣᠳ ᠲᠡᠮᠦᠷ ᠤᠨ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠤᠳᠠᠯᠳᠤᠭᠠᠴᠢᠨ ᠤᠷᠢᠬᠤ | ᠳᠤᠭᠤᠶᠢᠯᠠᠩ ᠤᠨ ᠠᠵᠢᠯᠲᠠᠨ ᠰᠢᠶᠤᠤ ᠯᠢ ᠨᠠᠷᠢᠨ ᠨᠢᠮᠪᠠᠶ ᠡᠮᠬᠢᠯᠡᠨ ᠳᠢᠭᠯᠡᠵᠦ ᠬᠤᠳᠠᠯᠳᠤᠭᠠᠴᠢᠨ ᠤᠷᠢᠬᠤ | ᠲᠥᠷᠥ ᠶᠢᠨ ᠪᠣᠳᠣᠯᠭ᠎ᠠ ᠶᠢ ᠬᠠᠮᠢᠶ᠎ᠠ ᠪᠥᠬᠦᠶ ᠠᠵᠤ ᠠᠬᠤᠶᠢᠯᠠᠯ ᠳᠤ ᠬᠦᠷᠭᠡᠵᠦ᠂ ᠰᠦᠯᠵᠢᠶᠡᠨ ᠳᠡᠭᠡᠷ᠎ᠡ | ᠨᠡᠪᠲᠡᠷᠡᠯᠴᠡᠭᠦᠯᠬᠦ ᠶᠠᠪᠤᠴᠠ ᠳᠤ᠂ ᠲᠡᠷᠡ ᠶᠠᠭ ᠨᠢᠭᠡᠨ ︽ᠰᠢᠯᠵᠢᠮᠡᠯ ᠭᠠᠷ ᠳᠡᠪᠲᠡᠷ︾ ᠰᠢᠭ᠋ ᠠᠵᠤ ᠠᠬᠤᠶᠢᠯᠠᠯ ᠤᠨ | ᠮᠠᠳᠠᠭ ᠲᠠᠢ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠪᠡ᠃ | ᠲᠥᠷᠥ ᠶᠢᠨ ᠪᠣᠳᠣᠯᠭ᠎ᠠ ᠶᠢᠨ ᠡᠮᠬᠢᠳᠬᠡᠯ ᠢᠶᠠᠷ ᠦᠷᠭᠦᠯᠵᠢ ᠨᠡᠪᠲᠡᠷᠡᠯᠴᠡᠵᠦ᠂ ᠠᠰᠠᠭᠤᠳᠠᠯ ᠤᠨ ᠨᠠᠷᠢᠨ | ᠲᠠᠩᠰᠠ ᠶᠢ ᠦᠨᠳᠦᠰᠦᠯᠡᠨ ᠠᠬᠢᠴᠠ ᠶᠢ ᠠᠩᠬᠠᠷᠤᠨ᠂ ᠬᠥᠨᠳᠡᠯᠡᠨ ᠲᠣᠭᠤᠷᠢᠭ ᠤᠨ ᠬᠤᠳᠠᠯᠳᠤᠭᠠᠴᠢᠨ ᠤᠷᠢᠬᠤ | ᠠᠵᠢᠯᠲᠠᠳ ︽ᠠᠵᠤ ᠠᠬᠤᠶᠢᠯᠠᠯ ᠦᠢᠯᠡᠴᠢᠯᠡᠭᠡ ᠡᠷᠢᠬᠦ︾ ᠠᠴᠠ ︽ᠦᠢᠯᠡᠴᠢᠯᠡᠭᠡ ᠠᠵᠤ ᠠᠬᠤᠶᠢᠯᠠᠯ ᠢ ᠨᠡᠬᠡᠬᠦ︾ | ᠪᠣᠯᠭᠠᠨ ᠬᠤᠪᠢᠷᠠᠭᠤᠯᠵᠤ᠂ ᠲᠦᠷᠦᠯ ᠵᠦᠢᠯ ᠤᠨ ᠭᠡᠷ᠎ᠡ ᠲᠣᠭᠲᠠᠭᠰᠠᠨ ᠠᠴᠠ ᠦᠢᠯᠡᠳᠪᠦᠷᠢ ᠶᠢᠨ ᠭᠡᠷ ᠪᠠᠶᠢᠰᠢᠩ | ᠬᠦᠷᠲᠡᠯ᠎ᠡ ᠨᠠᠶᠢᠳᠠᠪᠤᠷᠢᠵᠢᠭᠤᠯᠵᠤ᠂ ᠪᠦᠬᠦ ᠶᠠᠪᠤᠴᠠ ᠳᠤ ︽ᠨᠢᠭᠡᠳ ᠨᠢᠭᠡ ᠪᠠᠷ ᠳᠠᠭᠠᠭᠠᠨ ᠠᠪᠬᠤ︾ ᠬᠠᠪᠰᠤᠷᠤᠨ | ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠦᠨᠳᠦᠰᠦᠯᠡᠭᠦᠯᠦᠨ᠎ᠡ᠃ ᠳ᠋ᠦᠩ ᠹᠠᠩ | ᠴᠠᠬᠢᠯᠭᠠᠨ ᠬᠡᠢ ᠰᠠᠯᠬᠢᠨ ᠬᠦᠴᠦᠨ ᠤ ᠴᠠᠬᠢᠯᠭᠠᠨ ︵ᠪᠤᠭᠤᠲᠤ︶ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠄ ︽ᠠᠳᠡ ᠪᠤᠭᠤᠲᠤ ᠶᠢᠨ ᠪᠤᠯᠤᠳ ᠲᠡᠮᠤᠷ ᠤᠨ ᠬᠠᠩᠭᠠᠯᠭ᠎ᠠ ᠶᠢᠨ ᠬᠡᠯᠬᠢᠶ᠎ᠡ ᠶᠢᠨ ᠳᠠᠪᠠᠭᠤᠯᠢᠭ | ᠪᠠᠶᠢᠬᠤ ᠪᠠᠷ ᠪᠠᠷᠠᠬᠤ ᠦᠭᠡᠢ᠂ ᠵᠠᠰᠠᠭ ᠤᠨ ᠣᠷᠳᠣᠨ ᠠᠴᠠ ᠰᠢᠨ᠎ᠡ ᠠᠵᠤ ᠦᠢᠯᠡᠰ ᠢ ᠳᠡᠮᠵᠢᠬᠦ ᠡᠷᠴᠢᠮ ᠨᠢ ᠨᠡᠩ ᠴᠤ | ᠰᠠᠨᠠᠭᠠᠨ ᠠᠴᠠ ᠳᠠᠪᠠᠭᠰᠠᠨ ᠶᠠᠪᠤᠳᠠᠯ ᠪᠣᠯᠤᠨ᠎ᠠ᠃ ᠭᠠᠷᠳᠠᠮ ᠭᠦᠢᠴᠡᠳᠭᠡᠬᠦ ᠠᠴᠠ ᠡᠬᠢ ᠪᠠᠶᠠᠯᠢᠭ ᠢ ᠵᠣᠯᠭᠠᠭᠤᠯᠬᠤ | ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠᠶᠢᠪᠠ︾᠃ | ᠬᠤᠳᠠᠯᠳᠤᠭᠠᠴᠢᠨ ᠤᠷᠢᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠨᠢᠨ ᠳᠡᠭᠡᠷ᠎ᠡ ᠨᠢ | ᠵᠣᠯᠭᠠᠭᠤᠯᠬᠤ ᠪᠠᠷ ᠠᠵᠤ ᠦᠢᠯᠡᠰ ᠤᠨ ᠲᠥᠪᠯᠡᠷᠡᠯ ᠢ ᠠᠬᠢᠭᠤᠯᠤᠨ᠎ᠠ᠃ ᠡᠨᠡ ᠵᠢᠯ ᠠᠴᠠ ᠨᠠᠭᠠᠰᠢ᠂ ᠬᠥᠨᠳᠡᠯᠡᠨ | ᠲᠣᠭᠤᠷᠢᠭ ᠭᠤᠤᠯᠳᠠᠯᠭ᠎ᠠ ᠲᠠᠢ ᠣᠷᠣᠨ ᠪᠦᠰᠡ ᠳᠤ 7 ᠤᠳᠠᠭ᠎ᠠ ᠬᠠᠨᠳᠤᠯᠭᠠᠲᠤ ᠬᠤᠳᠠᠯᠳᠤᠭᠠᠴᠢᠨ ᠤᠷᠢᠬᠤ ᠶᠢ | ᠥᠷᠨᠢᠭᠦᠯᠵᠦ᠂ 28 ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠲᠠᠢ ᠭᠦᠨᠵᠡᠭᠡᠶ ᠵᠥᠪᠳᠡᠯᠴᠡᠪᠡ︔ | ᠡᠯ᠎ᠡ ᠬᠤᠳᠠᠯᠳᠤᠭᠠᠴᠢᠨ ᠤᠷᠢᠬᠤ ᠳᠤᠭᠤᠶᠢᠯᠠᠩ ᠭᠠᠳᠠᠭᠰᠢ ᠭᠠᠷᠴᠤ 35 ᠤᠳᠠᠭ᠎ᠠ ᠵᠣᠯᠭᠠᠭᠤᠯᠵᠤ᠂ ︽ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠭᠤᠷᠬᠢ︾ ᠶᠢᠨ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠨᠡᠶᠢᠲᠡ 252 | ᠠᠵᠤ ᠠᠬᠤᠶᠢᠯᠠᠯ ᠢ ᠵᠣᠯᠭᠠᠭᠤᠯᠪᠠ᠃ ᠣᠳᠣᠬᠠᠨ ᠳᠤ᠂ ᠥᠪᠥᠷ ᠮᠣᠩᠭᠤᠯ ᠤᠨ ᠣᠷᠣᠨ ᠤ ᠭᠠᠳᠠᠨᠠᠬᠢ ᠰᠢᠯᠢᠳᠡᠭ | ᠲᠥᠷᠥᠯ ᠵᠦᠢᠯ 21 ᠪᠠᠶᠢᠵᠤ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 19 | ᠪᠠᠶᠢᠵᠤ᠂ ᠵᠥᠪᠯᠡᠯᠴᠡᠭᠡᠷ ᠤᠨ ᠶᠡᠷᠦᠩᠬᠡᠶ ᠪᠠᠯᠠ ᠣᠷᠣᠭᠤᠯᠤᠯᠲᠠ ᠶᠢᠨ ᠲᠤᠭ᠎ᠠ ᠨᠢ 200 ᠳ᠋ᠦᠩᠰᠢᠭᠤᠷ ᠲᠥᠭᠦᠷᠢᠭ ᠢ | ᠳᠠᠪᠠᠵᠤ᠂ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠬᠠᠮᠤᠷᠴᠤ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠬᠥᠨᠳᠡᠯᠡᠨ ᠲᠣᠭᠤᠷᠢᠭ ᠤᠨ ᠳᠡᠳ᠋ ᠳᠠᠷᠤᠭ᠎ᠠ ᠸᠧᠨ ᠵᠧᠨ ᠢᠯᠡᠷᠬᠡᠶᠢᠯᠡᠬᠦ ᠳᠡᠭᠡᠨ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠭᠤᠯᠤᠯᠲᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ | ᠳᠣᠤᠷᠠᠳᠤ ᠤᠷᠤᠰᠬᠠᠯ ᠤᠨ ᠳᠤᠮᠳᠠ ᠵᠢᠵᠢᠭ ᠠᠵᠤ ᠠᠬᠤᠶᠢᠯᠠᠯ ᠢ ᠬᠦᠴᠦᠯᠡᠨ ᠪᠤᠶᠢᠵᠢᠭᠤᠯᠬᠤ ᠪᠠ ᠣᠷᠣᠭᠤᠯᠤᠨ | ᠠᠪᠴᠢᠷᠠᠵᠤ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠢᠵᠢ ᠪᠥᠷᠢᠳᠦᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ ᠭᠡᠵᠡᠶ᠃ | |