ᠡᠯᠧᠮᠧᠨ᠋ᠲ ᠤᠨ ᠪᠠᠲᠤᠯᠠᠭ᠎ᠠ — ᠥᠪᠥᠷ ᠮᠣᠩᠭᠤᠯ ᠤᠨ ᠠᠯᠠᠱᠠ ᠠᠶᠢᠮᠠᠭ ᠤᠨ ︽ᠬᠥᠳᠡᠯᠦᠩᠭᠦᠶ ᠪᠠᠷ ᠨᠦᠬᠡᠴᠡᠯᠡᠬᠦ + ᠨᠠᠷᠢᠯᠢᠭ ᠣᠨᠣᠴᠠᠲᠠᠶ ᠪᠠᠷ ᠬᠠᠪᠰᠤᠷᠤᠨ ᠵᠢᠯᠣᠭᠤᠳᠬᠤ︾ ᠲᠣᠭᠲᠠᠴᠠ ᠶᠢᠨ ᠰᠢᠨ᠎ᠡ ᠶᠢ ᠡᠭᠦᠳᠴᠦ ᠴᠢᠬᠤᠯᠠ ᠶᠡᠭᠡ ᠲᠥᠷᠥᠯ ᠵᠦᠢᠯ ᠢ ᠲᠥᠯᠥᠪᠯᠡᠨ ᠠᠵᠢᠯᠯᠠᠭᠤᠯᠬᠤ ᠴᠢᠨᠠᠷ ᠴᠢᠨᠰᠠᠭ᠎ᠠ ᠶᠢ ᠵᠡᠷᠭᠡᠪᠡᠷ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠪᠠ
ᠨᠡᠶᠢᠲᠡᠯᠡᠭᠰᠡᠨ ᠴᠠᠭ᠄
2025/5/20
  ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠯ ᠵᠦᠢᠯ ᠤᠨ ᠨᠥᠭᠡᠴᠡᠯᠡᠯᠲᠡ ᠶᠢᠨ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ᠂ ᠥᠪᠥᠷ ᠮᠣᠩᠭᠤᠯ ᠤᠨ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠪᠠᠷ ᠣᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠥᠷᠥᠯ ᠵᠦᠢᠯ ᠢ ᠲᠥᠯᠥᠪᠵᠢᠭᠦᠯᠬᠦ ᠶᠠᠰᠤ ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠥᠷᠥᠯ ᠵᠦᠢᠯ ᠤᠨ ᠲᠤᠯᠭᠠᠭᠤᠷᠢᠯᠠᠯ ᠬᠠᠩᠭᠠᠪᠠ᠃  ᠠᠯᠠᠱᠠ ᠠᠶᠢᠮᠠᠭ ᠲᠦᠷᠢᠮ ᠤᠨ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠵᠤ᠂ ᠲᠥᠷᠥᠯ ᠵᠦᠢᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠰᠢᠯᠢᠳᠡᠭᠵᠢᠭᠦᠯᠦᠨ᠂ ︽ᠪᠥᠬᠦ ᠠᠶᠢᠮᠠᠭ ᠤᠨ ︿ᠵᠢᠷᠭᠤᠭᠠᠨ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠲᠠᠷᠬᠠᠭᠠᠵᠤ᠂ ᠬᠠᠷᠠᠯᠲᠠ ᠡᠭᠦᠷᠭᠡ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠴᠢᠬᠤᠯᠠ ᠶᠡᠭᠡ ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠴᠢᠬᠤᠯᠠ ᠶᠡᠭᠡ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠥᠪᠯᠡᠷᠡᠭᠦᠯᠦᠨ ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠤᠨ᠂ ︽ᠭᠠᠷᠠᠭ ᠪᠦᠷᠢ ᠬᠢᠨᠠᠨ ᠵᠥᠪᠰᠢᠶᠡᠷᠡᠬᠦ ᠡᠳᠦᠷ︾ ᠤᠨ ᠲᠦᠷᠢᠮ ᠢ ᠬᠡᠷᠡᠭᠵᠢᠭᠦᠯᠵᠦ᠂ ᠠᠯᠠᠱᠠ ᠠᠶᠢᠮᠠᠭ ᠤᠨ ᠳᠡᠳ᠋ ᠳᠠᠷᠤᠭ᠎ᠠ ᠲᠦᠷᠦᠭᠦᠯᠡᠨ ᠲᠥᠪᠯᠡᠷᠡᠭᠦᠯᠦᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠳᠤ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭᠠᠲᠤ ᠨᠢᠭᠡᠴᠢ ᠪᠠ ᠭᠦᠢᠴᠡᠳᠬᠡᠬᠦ ᠴᠠᠭ ᠤᠨ ᠬᠢᠵᠠᠭᠠᠷ ᠢ ᠵᠦᠢᠯ ᠳᠠᠷᠠᠭᠠᠯᠠᠨ ᠲᠣᠳᠣᠷᠬᠠᠶᠢᠯᠠᠪᠠ᠃ ᠲᠤᠰᠬᠠᠶ ᠵᠦᠢᠯ ᠤᠨ ᠪᠣᠭᠤᠮᠲᠠ ᠰᠢᠪᠲᠤᠯᠬᠤ ᠳᠤᠭᠤᠶᠢᠯᠠᠩ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ︽ᠡᠳᠦᠷ ᠲᠤ ᠳᠣᠭᠢᠷᠠᠭᠤᠯᠬᠤ᠂ ᠭᠠᠷᠠᠭ ᠲᠤ ᠵᠠᠷᠯᠠᠨ ᠮᠡᠳᠡᠭᠳᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠡᠯᠭᠦᠭᠡ ᠵᠢᠷᠤᠭ ᠢᠶᠠᠷ ᠪᠠᠶᠢᠯᠳᠤᠬᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃  ᠡᠭᠦᠨ ᠤ ᠬᠠᠮᠲᠤ᠂ ᠠᠯᠠᠱᠠ ᠠᠶᠢᠮᠠᠭ ᠬᠥᠳᠡᠯᠦᠩᠭᠦᠶ ᠨᠥᠭᠡᠴᠡᠯᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠪᠠ᠃ ᠴᠢᠬᠤᠯᠠ ᠶᠡᠭᠡ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠶᠢ ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠡᠳᠦᠷ ᠤᠨ ᠲᠣᠬᠢᠷᠠᠭᠤᠯᠤᠯᠲᠠ᠂ ᠰᠠᠷ᠎ᠠ ᠶᠢᠨ ᠵᠠᠳᠠᠯᠤᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠤᠨ ᠠᠬᠢᠴᠠ ᠶᠢ ᠴᠠᠭ ᠲᠤᠬᠠᠶ ᠳᠤᠨᠢ ᠮᠥᠷᠳᠡᠵᠦ᠂ ᠠᠬᠢᠭᠤᠯᠬᠤ ᠬᠦᠴᠢᠷ ᠠᠰᠠᠭᠤᠳᠠᠯ ᠢ ᠣᠨᠣᠪᠴᠢᠲᠠᠶ ᠰᠢᠢᠳᠪᠦᠷᠢᠯᠡᠨ᠎ᠡ᠃ ᠰᠢᠨ᠎ᠡ ᠡᠨᠧᠷᠭᠢ᠂ ᠰᠠᠭᠤᠷᠢ ᠲᠥᠬᠦᠭᠡᠷᠦᠮᠵᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠤ ᠲᠣᠭᠤᠷᠢᠨ ᠳᠤ ᠨᠥᠭᠡᠴᠡᠯᠡᠬᠦ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢᠯ ᠤᠨ ᠨᠠᠷᠢᠨ ᠲᠠᠩᠰᠠ ᠶᠢ ᠦᠷᠭᠦᠯᠵᠢᠯᠡᠨ ᠰᠢᠨᠡᠳᠬᠡᠵᠦ᠂ ᠱᠠᠲᠤᠯᠠᠨ ᠦᠷᠭᠦᠯᠵᠢᠯᠡᠭᠦᠯᠬᠦ ᠶᠢ ᠪᠡᠶᠡᠯᠡᠭᠦᠯᠦᠨ᠎ᠡ᠃ ᠣᠲᠣ ᠪᠣᠯᠲᠠᠯ᠎ᠠ᠂ ᠠᠯᠠᠱᠠ ᠠᠶᠢᠮᠠᠭ 2025 ᠣᠨ ᠤ ᠴᠢᠬᠤᠯᠠ ᠶᠡᠭᠡ ᠲᠥᠷᠥᠯ ᠵᠦᠢᠯ ᠢ 309 ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 2400 ᠳ᠋ᠦᠩᠰᠢᠭᠤᠷ ᠲᠥᠭᠦᠷᠢᠭ ᠰᠢᠬᠠᠮ ᠪᠠᠶᠢᠵᠤ᠂ ᠪᠥᠬᠦ ᠠᠶᠢᠮᠠᠭ ᠤᠨ ᠠᠯᠤᠰ ᠬᠡᠲᠦ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃  ᠡᠭᠦᠨ ᠠᠴᠠ ᠭᠠᠳᠠᠨ᠎ᠠ᠂ ᠠᠯᠠᠱᠠ ᠠᠶᠢᠮᠠᠭ ᠨᠠᠷᠢᠯᠢᠭ ᠣᠨᠣᠴᠠᠲᠠᠶ ᠪᠠᠷ ᠬᠠᠪᠰᠤᠷᠤᠨ ᠵᠢᠯᠣᠭᠤᠳᠬᠤ ᠲᠣᠭᠲᠠᠴᠠ ᠶᠢᠨ ᠰᠢᠨ᠎ᠡ ᠶᠢ ᠡᠭᠦᠳᠴᠦ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠣᠯᠭ᠎ᠠ ᠶᠢ ᠴᠢᠩᠭᠠᠳᠬᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠣᠶ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠤᠷᠢᠵᠤ ᠴᠢᠬᠤᠯᠠ ᠶᠡᠭᠡ ᠲᠥᠷᠥᠯ ᠵᠦᠢᠯ ᠢ ᠲᠥᠰᠦᠪᠯᠡᠨ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠠᠵᠢᠯ ᠢ ᠥᠷᠨᠢᠭᠦᠯᠵᠦ᠂ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠲᠥᠷᠥᠯ ᠵᠦᠢᠯ ᠤᠨ ᠬᠠᠮᠢᠶᠠᠷᠤᠯᠲᠠ ᠶᠢᠨ ᠲᠠᠯ᠎ᠠ ᠪᠠᠷ ᠲᠥᠪᠯᠡᠷᠡᠭᠦᠯᠦᠨ ᠬᠢᠴᠢᠶᠡᠯ ᠵᠢᠭᠠᠪᠠ᠃ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ᠂ 5 ᠳᠤᠭᠤᠶᠢᠯᠠᠩ ᠬᠤᠪᠢᠶᠠᠨ ᠡᠯ᠎ᠡ ᠬᠤᠰᠢᠭᠤ ᠲᠣᠭᠤᠷᠢᠭ ᠲᠤ ᠬᠦᠷᠴᠦ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠲᠤᠬᠠᠶ 10 ᠡᠳᠦᠷ ᠤᠨ ᠬᠤᠭᠤᠴᠠᠭ᠎ᠠ ᠲᠠᠢ ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠲᠣᠭᠤᠷᠢᠭ ᠤᠨ 2025 ᠤᠨ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠬᠤ ᠶᠢ  ᠠᠬᠢᠭᠤᠯᠤᠨ᠎ᠠ᠃ ᠪᠥᠬᠦ ᠠᠶᠢᠮᠠᠭ ᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠰᠢᠶᠠᠨ ᠤ ᠭᠠᠵᠠᠷ ᠤᠨ ᠲᠠᠰ ᠤᠨ ᠺᠠᠳ᠋ᠷ᠂ ᠰᠢᠶᠠᠩ ᠰᠠᠯᠠᠭᠠᠨ ᠤ ᠲᠠᠰ ᠤᠨ ᠵᠢᠩᠬᠢᠨᠢ ᠲᠤᠰᠢᠶᠠᠯᠲᠠᠨ ᠳᠤ ᠬᠠᠨᠳᠤᠭᠤᠯᠤᠨ ᠪᠣᠯᠪᠠᠰᠤᠷᠠᠯ ᠥᠷᠨᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠲᠣᠭᠤᠷᠢᠨ ᠳᠤ 13 ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ︽ᠲᠠᠪᠤ ᠶᠢ ᠴᠢᠩᠭ᠎ᠠ  ᠠᠳᠬᠤᠬᠤ︾ ᠲᠣᠭᠤᠷᠢᠨ ᠳᠤ ︽ᠶᠠᠭᠤᠨ ᠳᠤ ᠰᠦᠪᠡᠭᠴᠢᠯᠡᠬᠦ᠂ ᠶᠠᠭᠤ ᠶᠢ ᠰᠦᠪᠡᠭᠴᠢᠯᠡᠬᠦ᠂ ᠶᠠᠭᠠᠬᠢᠵᠦ ᠰᠦᠪᠡᠭᠴᠢᠯᠡᠬᠦ︾ ᠭᠤᠷᠪᠠᠨ ᠲᠠᠯ᠎ᠠ ᠪᠠᠷ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ᠃ ᠪᠠᠶᠢᠭᠤᠯᠭ᠎ᠠ ᠵᠢᠴᠢ ᠦᠨᠳᠦᠰᠦᠨ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠢᠰᠲ᠋ᠧᠮ ᠤᠨ ᠰᠢᠯᠢᠳᠡᠭ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠰᠣᠩᠭᠤᠨ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠶᠢᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ ᠬᠡᠪᠴᠢᠶᠡᠨ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠪᠥᠬᠦ ᠠᠶᠢᠮᠠᠭ ᠤᠨ ᠡᠯ᠎ᠡ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠯᠪᠠᠰᠤᠷᠠᠯ ᠳᠤ ᠣᠷᠣᠯᠴᠠᠭᠰᠠᠳ 530 ᠬᠥᠮᠦᠨ ᠤᠳᠠᠭ᠎ᠠ ᠳᠤ ᠬᠦᠷᠪᠡ᠃ 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号