︽ᠡᠯᠧᠺᠲᠷᠣᠨ ᠬᠤᠳᠠᠯᠳᠤᠭᠠᠨ ᠤ ᠲᠠᠪᠴᠠᠩ ᠢ ᠳᠡᠮᠵᠢᠵᠦ ᠮᠠᠨ ᠤ ᠣᠷᠣᠨ ᠤ ᠲᠠᠸᠠᠷ ᠤᠨ ᠪᠣᠷᠣᠯᠠᠭᠤᠯᠭ᠎ᠠ ᠶᠢᠨ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠠᠬᠢᠭᠤᠯᠬᠤ ᠲᠤᠬᠠᠶ ᠮᠡᠳᠡᠭᠳᠡᠯ︾ ︵ᠥᠪᠥᠷ ᠬᠤᠳᠠᠯᠳᠤᠭ᠎ᠠ | ᠴᠠᠬᠢᠯᠭᠠᠨ ᠮᠡᠳᠡᠭᠡ ᠦᠰᠦᠭ ﹇2025﹈ 201 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ᠂ ᠡᠯ᠎ᠡ ᠠᠶᠢᠮᠠᠭ ᠬᠤᠲᠠ ᠠᠴᠠ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠠᠴᠠ ᠬᠢᠨᠠᠨ | ᠲᠣᠭᠲᠠᠭᠠᠬᠤ᠂ ᠳᠠᠬᠢᠨ ᠬᠢᠨᠠᠬᠤ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠣᠭᠲᠠᠭᠠᠬᠤ ᠪᠠᠷ ᠳᠡᠮᠵᠢᠨ᠂ ᠡᠯᠧᠺᠲᠷᠣᠨ | ᠬᠤᠳᠠᠯᠳᠤᠭᠠᠨ ᠤ ᠲᠠᠪᠴᠠᠩ ᠢ ᠳᠡᠮᠵᠢᠵᠦ ᠮᠠᠨ ᠤ ᠣᠷᠣᠨ ᠤ ᠲᠠᠸᠠᠷ ᠪᠣᠷᠣᠯᠠᠭᠤᠯᠬᠤ ᠲᠥᠷᠥᠯ ᠵᠦᠢᠯ 4 ᠶᠢ | ᠠᠬᠢᠭᠤᠯᠬᠤ ᠪᠠᠷ ᠲᠣᠭᠲᠠᠭᠠᠪᠠ᠃ ᠡᠳᠦᠭᠡ ᠨᠡᠷᠡᠰ ᠢ ᠨᠡᠶᠢᠲᠡᠯᠡᠶ᠎ᠠ᠄ | 1. ᠥᠪᠥᠷ ᠮᠣᠩᠭᠤᠯ ᠤᠨ ᠱᠧᠩ ᠲᠢᠶᠠᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠦᠯᠵᠢᠶᠡᠨ ᠳᠡᠭᠡᠷᠡᠬᠢ ᠲᠠᠪᠴᠠᠩ | 2. ᠵᠦᠡᠭ ᠵᠢᠶᠠ ᠰᠢᠯᠢᠳᠡᠭ ᠰᠣᠩᠭᠤᠯᠲᠠ ᠶᠢᠨ ᠵᠢᠵᠢᠭ ᠫᠷᠤᠭ᠍ᠷᠡᠮ ᠤᠨ ᠡᠯᠧᠺᠲᠷᠣᠨ ᠬᠤᠳᠠᠯᠳᠤᠭᠠᠨ ᠤ | ᠲᠠᠪᠴᠠᠩ | 3. ᠲᠠᠯ᠎ᠠ ᠨᠤᠲᠤᠭ ᠤᠨ ᠬᠢᠨᠠᠨ ᠰᠤᠩᠭᠤᠭᠰᠠᠨ ᠬᠤᠲᠠᠯᠲᠣᠭᠠᠨ ᠤ ᠴᠤᠭᠯᠠᠷᠠᠯ ᠵᠢᠴᠢ ᠶᠢᠨ ᠶᠤᠸᠠᠨ ᠡᠯ ᠯᠦᠩ | ᠲᠦᠨ ᠱᠣᠸᠠᠩ ᠵᠢᠵᠢᠭ ᠫᠷᠤᠭ᠍ᠷᠡᠮ ᠤᠨ ᠡᠯᠧᠺᠲᠷᠣᠨ ᠬᠤᠳᠠᠯᠳᠤᠭᠠᠨ ᠤ ᠲᠠᠪᠴᠠᠩ | 4. ᠦᠪᠦᠷ ᠮᠣᠩᠭᠤᠯ ᠤᠨ ᠠᠷᠠᠳ ᠲᠤ ᠠᠰᠢᠭ ᠬᠦᠷᠲᠡᠬᠡᠭᠦ ᠺᠠᠷᠲ ᠤᠨ ᠬᠤᠲᠠᠯᠲᠤᠭᠠᠨ ᠤ ᠬᠤᠲᠠ ᠶᠢᠨ | ᠵᠢᠵᠢᠭ ᠫᠷᠤᠭ᠍ᠷᠡᠮ ᠤᠨ ᠡᠯᠧᠺᠲᠷᠣᠨ ᠬᠤᠲᠠᠯᠲᠤᠭᠠᠨ ᠤ ᠲᠠᠪᠴᠠᠩ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠵᠠᠷᠯᠠᠨ ᠨᠡᠶᠢᠲᠡᠯᠡᠭᠰᠡᠨ | ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ᠂ 5 ᠠᠵᠢᠯᠯᠠᠬᠤ ᠡᠳᠦᠷ ᠤᠨ ᠳᠣᠲᠣᠷ᠎ᠠ ᠡᠵᠡᠮᠳᠡᠵᠦ ᠪᠠᠶᠢᠭ᠎ᠠ ᠪᠣᠳᠠᠲᠤ | ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ | ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ ᠳᠤ ᠲᠠᠮᠠᠭ᠎ᠠ ᠳᠠᠷᠤᠬᠤ ᠬᠡᠷᠡᠭᠲᠡᠢ᠂ ᠬᠤᠪᠢ ᠬᠥᠮᠦᠨ ᠭᠠᠷ ᠤᠨ | ᠦᠰᠦᠭ ᠵᠢᠷᠤᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠢᠶᠠᠨ | ᠳᠠᠭᠠᠯᠳᠤᠭᠤᠯᠤᠨ᠎ᠠ᠃ | ᠬᠠᠷᠢᠯᠴᠠᠬᠤ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠭᠠᠵᠠᠷ | ᠬᠠᠷᠢᠯᠴᠠᠬᠤ ᠤᠲᠠᠰᠤ᠄ 0471 – 6945094 | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ | 5 ᠳ᠋ᠤᠭᠠᠷ ᠠᠰᠠᠷ ᠤᠨ 616 ᠳ᠋ᠤᠭᠠᠷ ᠥᠷᠥᠭᠡ | |