ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ᠄ | ︽ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 715 ᠳ᠋ᠤᠭᠠᠷ ᠲᠣᠭᠠᠲᠤ︶ ᠵᠢᠴᠢ ︽ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ | ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠬᠤᠳᠠᠯᠳᠤᠭᠠᠨ ᠤ ᠶᠠᠪᠤᠳᠠᠯ ᠤᠨ | ᠶᠠᠮᠤᠨ ᠤ ᠵᠠᠷᠯᠢᠭ 2020 ᠣᠨ ᠤ 2 ᠳ᠋ᠤᠭᠠᠷ ᠲᠣᠭᠠᠲᠤ︶ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠣᠷᠣᠨ ᠤ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ | ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠢᠨᠠᠨ ᠲᠣᠭᠲᠠᠭᠠᠬᠤ | ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠢᠯ ᠲᠥᠷᠥᠯ ᠤᠨ ᠪᠣᠬᠢᠷᠲᠤᠯ ᠥᠬᠡᠶ᠂ ᠵᠢᠷᠤᠮᠵᠢᠭᠰᠠᠨ | ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ | ᠬᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ︾ ᠶᠢ ᠬᠡᠷᠡᠭᠵᠢᠭᠦᠯᠬᠦ ᠶᠢ | ᠬᠥᠳᠡᠯᠦᠩᠭᠦᠶ ᠪᠠᠷ ᠰᠢᠨᠡᠳᠬᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ | ᠮᠡᠳᠡᠭᠳᠡᠪᠡ᠄ | ᠨᠢᠭᠡ᠂ ᠲᠤᠰᠬᠠᠢ ᠮᠡᠷᠭᠡᠵᠢᠯᠲᠡᠨ ᠤ ᠲᠥᠷᠥᠯ ᠵᠦᠢᠯ | ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠪᠠᠷ ᠨᠢ ᠳᠣᠣᠷᠠᠬᠢ ᠳᠥᠷᠪᠡᠨ ᠲᠥᠷᠥᠯ ᠬᠤᠪᠢᠶᠠᠨ᠎ᠠ᠄ | ︵ᠨᠢᠭᠡ︶ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠲᠤᠰᠬᠠᠢ | ᠮᠡᠷᠭᠡᠵᠢᠯᠲᠡᠨ | ᠮᠠᠰᠢᠨ ᠲᠡᠷᠭᠡᠨ ᠤ ᠢᠨᠵᠧᠨᠧᠷᠢᠩ᠂ ᠮᠧᠬᠠᠨᠢᠭ ᠤᠨ ᠢᠨᠵᠧᠨᠧᠷᠢᠩ᠂ ᠣᠷᠴᠢᠯ ᠠᠵᠤ ᠠᠬᠤᠶ ᠵᠡᠷᠭᠡ ᠬᠦᠷᠢᠶ᠎ᠡ ᠶᠢ | ᠬᠠᠮᠤᠷᠴᠤ᠂ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠮᠡᠷᠭᠡᠵᠢᠯ ᠤᠨ ᠪᠠᠷᠢᠮᠵᠢᠶ᠎ᠠ᠂ | ᠠᠵᠢᠯᠯᠠᠭᠤᠯᠬᠤ ᠵᠢᠷᠤᠮᠵᠢᠯ ᠵᠢᠴᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠠᠵᠢᠯ | ᠲᠥᠷᠥᠯ ᠤᠨ ᠨᠡᠶᠢᠭᠡᠮᠯᠢᠭ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠳᠠᠬᠢ | ᠦᠢᠯᠡᠳᠦᠯᠭᠡ ᠶᠢᠨ ᠲᠤᠷᠰᠢᠯᠭ᠎ᠠ ᠲᠠᠢ ᠮᠡᠷᠭᠡᠵᠢᠯ ᠤᠨ ᠭᠤᠤᠯᠯᠠᠭᠴᠢ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ | ︵ᠬᠤᠶᠠᠷ︶ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠰᠬᠠᠢ ᠮᠡᠷᠭᠡᠵᠢᠯᠲᠡᠨ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ︵ᠬᠠᠶᠠᠭᠳᠠᠮᠠᠯ ᠲᠣᠰᠣ ᠶᠢᠨ ᠰᠢᠩᠭᠡᠨ ᠢ ᠰᠢᠢᠳᠪᠦᠷᠢᠯᠡᠬᠦ ᠶᠢ | ᠪᠠᠭᠲᠠᠨ᠎ᠠ︶᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠣᠷᠴᠢᠨ ᠲᠣᠭᠤᠷᠢᠨ ᠤ | ᠢᠨᠵᠧᠨᠧᠷᠢᠩ ᠤᠨ ᠬᠦᠷᠢᠶᠡᠨ ᠳᠠᠬᠢ ᠠᠵᠢᠯ ᠢ ᠡᠷᠬᠢᠯᠡᠬᠦ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ | ᠪᠡᠯᠡᠳᠬᠡᠮᠵᠢ ᠶᠢᠨ ᠡᠵᠡᠩᠨᠡᠯᠲᠡ ᠬᠠᠮᠢᠶᠠᠷᠤᠯᠲᠠ ᠶᠢᠨ ᠵᠢᠷᠤᠮᠵᠢᠯ ᠢ ᠡᠵᠡᠮᠰᠢᠵᠦ᠂ ᠠᠷᠪᠠᠨ ᠵᠢᠯ ᠠᠴᠠ ᠳᠡᠭᠡᠭᠰᠢᠬᠢ ᠠᠵᠢᠯ | ᠡᠷᠭᠢᠯᠡᠬᠦ ᠲᠤᠷᠰᠢᠯᠭ᠎ᠠ ᠲᠠᠢ ᠨᠡᠷ᠎ᠡ ᠲᠥᠷᠥ ᠲᠠᠢ ᠲᠤᠰᠬᠠᠶ ᠮᠡᠷᠭᠡᠵᠢᠯ ᠤᠨ ᠠᠵᠢᠯᠲᠠᠨ ᠢ ᠤᠷᠢᠳᠠᠪᠠᠷ ᠪᠤᠳᠤᠯᠬᠢᠯᠠᠨ᠎ᠠ᠃ | ︵ᠭᠤᠷᠪᠠ︶ ᠡᠳ᠋ ᠤᠨ ᠶᠠᠪᠤᠳᠠᠯ ᠤᠨ ᠮᠡᠷᠭᠡᠵᠢᠯᠲᠡᠨ | ᠡᠳ᠋ ᠤᠨ ᠶᠠᠪᠤᠳᠠᠯ᠂ ᠨᠢᠭᠲᠠᠯᠠᠨ ᠪᠣᠳᠣᠬᠤ᠂ ᠬᠢᠨᠠᠨ ᠪᠣᠳᠣᠬᠤ ᠵᠡᠷᠭᠡ ᠲᠤᠰᠬᠠᠶ ᠠᠵᠢᠯ ᠤᠨ ᠠᠬᠤᠶ ᠪᠠᠶᠢᠳᠠᠯ ᠢ | ᠪᠦᠷᠢᠯᠳᠦᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠡᠳ᠋ ᠤᠨ ᠵᠠᠰᠠᠭ ᠭᠠᠶᠢᠯᠢ ᠶᠢᠨ | ᠲᠥᠷᠥ ᠶᠢᠨ ᠪᠣᠳᠣᠯᠭ᠎ᠠ ᠵᠢᠴᠢ ᠬᠢᠨᠠᠨ ᠪᠣᠳᠣᠬᠤ ᠪᠣᠳᠠᠲᠤ ᠶᠠᠪᠤᠳᠠᠯ ᠢ ᠰᠠᠶᠢᠨ ᠮᠡᠳᠡᠵᠦ᠂ ᠬᠠᠶᠠᠭᠳᠠᠮᠠᠯ ᠮᠠᠰᠢᠨ | ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠣᠭᠲᠠᠭᠠᠯ ᠳᠤ | ᠨᠡᠶᠢᠴᠡᠬᠦ ᠴᠢᠨᠠᠷ ᠢ ᠬᠢᠨᠠᠨ ᠲᠣᠭᠲᠠᠭᠠᠬᠤ ᠠᠵᠢᠯ ᠢ ᠲᠤᠰᠠᠭᠠᠷ ᠡᠭᠦᠷᠭᠡᠯᠡᠵᠦ᠂ ᠳᠤᠮᠳᠠ ᠵᠡᠷᠭᠡ ᠠᠴᠠ ᠳᠡᠭᠡᠭᠰᠢᠬᠢ | ᠨᠢᠭᠲᠠᠯᠠᠨ ᠪᠣᠳᠣᠭᠴᠢ ᠶᠢᠨ ᠮᠡᠷᠭᠡᠵᠢᠯ ᠤᠨ ᠴᠣᠯᠠ ᠪᠤᠶᠤ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠬᠢᠷᠢ | ᠭᠡᠮ ᠲᠠᠢ ᠬᠥᠮᠦᠰ ᠢ ᠡᠩ ᠲᠡᠷᠢᠭᠦᠨ ᠳᠤ ᠪᠤᠳᠤᠯᠬᠢᠯᠠᠨ᠎ᠠ᠃ | ︵ᠲᠦᠷᠪᠡ︶ ᠠᠵᠢᠯ ᠲᠦᠷᠦᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ | ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ | ᠪᠤᠶᠤ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠲᠠᠢ᠂ ᠠᠵᠢᠯ ᠲᠥᠷᠥᠯ ᠤᠨ | ᠬᠠᠤᠯᠢ ᠴᠠᠭᠠᠵᠠ ᠬᠠᠤᠯᠢ ᠲᠣᠭᠲᠠᠭᠠᠯ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠬᠢᠭᠡᠳ ᠪᠠᠷᠢᠮᠵᠢᠶᠠᠵᠢᠭᠤᠯᠬᠤ | ᠰᠢᠰᠲ᠋ᠧᠮᠵᠢ ᠶᠢ ᠣᠶᠢᠯᠠᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠷᠬᠢᠯᠡᠵᠦ | ᠪᠠᠶᠢᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠵᠢᠴᠢ ᠠᠶᠤᠯ ᠦᠭᠡᠶ ᠦᠢᠯᠡᠳᠪᠦᠷᠢᠯᠡᠯ ᠤᠨ ᠬᠦᠷᠢᠶᠡᠨ ᠤ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠡᠩ ᠲᠡᠷᠢᠭᠦᠨ ᠳᠤ ᠪᠣᠳᠣᠯᠬᠢᠯᠠᠨ᠎ᠠ᠃ | ᠬᠤᠶᠠᠷ᠂ ᠭᠤᠶᠤᠴᠢᠯᠠᠨ ᠮᠡᠳᠡᠭᠦᠯᠬᠦ ᠨᠥᠬᠦᠴᠡᠯ | ︵ᠨᠢᠭᠡ︶ ᠦᠨᠳᠦᠰᠦᠨ ᠨᠥᠬᠦᠴᠡᠯ | 1. ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠤᠬᠠᠶᠢᠯᠠᠭᠰᠠᠨ ᠠᠵᠢᠯ ᠤᠨ | ᠶᠣᠰᠣ ᠮᠣᠷᠠᠯ ᠢ ᠬᠢᠴᠢᠶᠡᠩᠭᠦ᠋ᠢᠯᠡᠨ ᠰᠠᠬᠢᠵᠤ᠂ ᠢᠲᠡᠭᠡᠮᠵᠢ ᠶᠢᠨ ᠨᠥᠯᠥᠭᠡ ᠮᠠᠭᠤᠳᠠᠢ ᠲᠡᠮᠳᠡᠭᠯᠡᠯ ᠦᠭᠡᠢ᠂ | ᠣᠶᠢᠷ᠎ᠠ ᠶᠢᠨ ᠭᠤᠷᠪᠠᠨ ᠵᠢᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠤ ᠵᠠᠰᠠᠭ | ᠵᠠᠬᠢᠷᠭᠠᠨ ᠤ ᠰᠢᠢᠳᠬᠡᠯ ᠪᠤᠶᠤ ᠰᠠᠬᠢᠯᠭ᠎ᠠ ᠪᠠᠲᠤ ᠶᠢᠨ ᠰᠢᠢᠳᠬᠡᠯ ᠣᠯᠤᠭᠰᠠᠨ ᠦᠭᠡᠢ᠃ | 2. ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠳᠡᠭᠡᠭᠰᠢᠬᠢ ᠰᠤᠷᠤᠯᠭ᠎ᠠ ᠶᠢᠨ | ᠨᠠᠮᠲᠠᠷ ᠲᠠᠢ᠂ ᠲᠤᠰᠬᠠᠶ ᠮᠡᠷᠭᠡᠵᠢᠯ ᠤᠨ ᠭᠤᠶᠤᠴᠢᠯᠠᠨ ᠮᠡᠳᠡᠭᠦᠯᠬᠦ ᠳᠤ ᠬᠤᠯᠪᠣᠭᠳᠠᠬᠤ ᠳᠤᠮᠳᠠ ᠵᠡᠷᠭᠡ ᠠᠴᠠ | ᠳᠡᠭᠡᠭᠰᠢᠬᠢ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠪᠤᠶᠤ ᠠᠳᠠᠯᠢ ᠲᠤᠰᠢᠶᠠᠯ ᠤᠨ ᠬᠢᠷᠢ ᠬᠡᠮᠵᠢᠶ᠎ᠡ ᠶᠢ | ᠣᠯᠤᠭᠰᠠᠨ ᠪᠥᠭᠡᠳ ᠵᠣᠬᠢᠴᠠᠩᠭᠤᠶ ᠬᠦᠷᠢᠶᠡᠨ ᠳᠤ ᠨᠡᠶᠢᠲᠡ 5 ᠵᠢᠯ ᠠᠵᠢᠯᠯᠠᠪᠠ᠃ | 3. ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠵᠢᠴᠢ ᠬᠥᠭᠵᠢᠯᠲᠡ ᠶᠢᠨ ᠬᠥᠳᠡᠯᠦᠯ | ᠪᠠᠶᠢᠳᠠᠯ ᠢ ᠣᠶᠢᠯᠠᠭᠠᠵᠤ᠂ ᠯᠠᠪᠳᠠᠭᠤᠨ ᠪᠠᠲᠤᠲᠠᠶ ᠣᠨᠣᠯ ᠤᠨ ᠰᠠᠭᠤᠷᠢ ᠪᠠ ᠦᠢᠯᠡᠳᠦᠯᠭᠡ ᠶᠢᠨ ᠲᠤᠷᠰᠢᠯᠭ᠎ᠠ ᠶᠢ | ᠪᠦᠷᠢᠯᠳᠦᠭᠦᠯᠵᠦ᠂ ᠤᠯᠤᠰ ᠤᠨ ᠲᠠᠰ᠂ ᠮᠤᠵᠢ ᠶᠠᠮᠤᠨ ᠤ ᠲᠠᠰ ᠤᠨ ᠬᠠᠮᠢᠶ᠎ᠠ ᠪᠥᠬᠦᠶ ᠰᠡᠳᠦᠪ ᠤᠨ ᠰᠤᠳᠤᠯᠭᠠᠨ ᠪᠤᠶᠤ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠭᠴᠢ ᠶᠢ ᠡᠷᠭᠢᠯᠡᠬᠦ ᠪᠤᠶᠤ ᠲᠡᠭᠦᠨ ᠳᠤ ᠣᠷᠣᠯᠴᠠᠬᠤ ᠶᠢ | ᠤᠷᠢᠳᠠᠪᠠᠷ ᠪᠣᠳᠣᠯᠬᠢᠯᠠᠨ᠎ᠠ︔ | 4. ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠵᠤ᠂ ᠪᠡᠶ᠎ᠡ ᠮᠠᠬᠠᠪᠣᠳ ᠡᠷᠡᠭᠦᠯ | ᠴᠢᠭᠢᠷᠠᠭ ᠪᠠᠶᠢᠵᠤ᠂ ᠲᠤᠬᠠᠶ ᠶᠢᠨ ᠭᠠᠵᠠᠷ ᠲᠤᠨᠢ ᠬᠢᠨᠠᠨ ᠲᠣᠭᠲᠠᠭᠠᠬᠤ᠂ ᠲᠤᠬᠠᠶ ᠶᠢᠨ ᠭᠠᠵᠠᠷ ᠲᠤᠨᠢ ᠬᠢᠨᠠᠨ | ᠪᠠᠶᠢᠴᠠᠭᠠᠬᠤ ᠵᠡᠷᠭᠡ ᠠᠵᠢᠯ ᠤᠨ ᠡᠭᠦᠷᠭᠡ ᠶᠢ ᠡᠭᠦᠷᠭᠡᠯᠡᠵᠦ ᠳᠡᠶᠢᠯᠦᠨ᠎ᠡ︔ | 5. ᠲᠣᠰ ᠬᠥᠮᠦᠨ ᠰᠠᠶᠢᠨ ᠳᠤᠷ᠎ᠠ ᠠᠴᠠ ᠪᠠᠨ ᠲᠤᠰᠬᠠᠶ ᠮᠡᠷᠭᠡᠵᠢᠯᠲᠡᠨ ᠤ ᠬᠥᠮᠥᠷᠭᠡ ᠳᠤ ᠣᠷᠣᠵᠤ᠂ ᠪᠠᠶᠢᠭ᠎ᠠ | ᠨᠢᠭᠡᠴᠢ ᠨᠢ ᠲᠠᠨᠢᠯᠴᠠᠭᠤᠯᠬᠤ ᠶᠢ ᠵᠥᠪᠰᠢᠶᠡᠷᠡᠬᠦ ᠶᠢᠨ ᠬᠠᠮᠲᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ | ᠬᠠᠮᠢᠶᠠᠷᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠵᠢᠷᠤᠮᠯᠠᠬᠤ ᠶᠢ ᠠᠮᠠᠯᠳᠠᠪᠠ᠃ | ︵ᠬᠤᠶᠠᠷ︶ ᠲᠤᠰᠬᠠᠢ ᠵᠦᠢᠯ ᠤᠨ ᠨᠥᠬᠦᠴᠡᠯ | ᠮᠡᠳᠡᠭᠦᠯᠦᠭᠴᠢ ᠨᠢ ᠮᠡᠳᠡᠭᠦᠯᠦᠭᠰᠡᠨ ᠲᠤᠰᠬᠠᠶ ᠮᠡᠷᠭᠡᠵᠢᠯᠲᠡᠨ ᠤ ᠲᠥᠷᠥᠯ ᠢᠯᠭᠠᠯ ᠤᠨ ᠬᠠᠷᠠᠭᠠᠯᠵᠠᠭᠰᠠᠨ | ᠲᠤᠰᠬᠠᠶ ᠮᠡᠷᠭᠡᠵᠢᠯ ᠤᠨ ᠨᠥᠬᠦᠴᠡᠯ ᠢ ᠵᠡᠷᠭᠡ ᠪᠠᠷ ᠬᠠᠩᠭᠠᠬᠤ ᠬᠡᠷᠡᠭᠲᠡᠶ ︵︽ᠲᠤᠰᠬᠠᠶ ᠮᠡᠷᠭᠡᠵᠢᠯᠲᠡᠨ ᠤ ᠲᠥᠷᠥᠯ | ᠢᠯᠭᠠᠯ︾ ᠤᠨ ᠪᠣᠳᠠᠲᠠᠶ ᠳᠦᠷᠰᠦᠯᠡᠯ ᠢ ᠨᠠᠷᠢᠨ ᠦᠵᠡᠭᠡᠷᠡᠢ︶᠃ | ᠭᠤᠷᠪᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ | ︵ᠨᠢᠭᠡ︶ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ | ᠬᠤᠪᠢ ᠬᠦᠮᠦᠨ ᠥᠪᠡᠷ ᠢᠶᠠᠨ ᠲᠠᠨᠢᠯᠴᠠᠭᠤᠯᠬᠤ ᠪᠠ ᠪᠠᠶᠢᠭᠤᠯᠭ᠎ᠠ ᠨᠢᠭᠡᠴᠢ ᠲᠠᠨᠢᠯᠴᠠᠭᠤᠯᠬᠤ ᠶᠢ | ᠤᠶᠠᠯᠳᠤᠭᠤᠯᠬᠤ ᠠᠷᠭ᠎ᠠ ᠬᠡᠯᠪᠡᠷᠢ ᠶᠢ ᠠᠪᠤᠨ᠎ᠠ᠃ ᠲᠤᠰᠬᠠᠶ ᠮᠡᠷᠭᠡᠵᠢᠯᠲᠡᠳ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢᠶᠠᠨ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠲᠤᠰᠢᠶᠠᠵᠤ᠂ ᠠᠶᠢᠮᠠᠭ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠢᠨᠠᠨ ᠬᠠᠷᠭᠤᠭᠤᠯᠬᠤ᠂ ᠰᠢᠯᠢᠨ ᠰᠣᠩᠭᠤᠬᠤ ᠶᠢᠨ | ᠬᠠᠮᠲᠤ ᠲᠠᠮᠠᠭ᠎ᠠ ᠳᠠᠷᠤᠵᠤ ᠨᠤᠲᠠᠯᠠᠭᠰᠠᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠲᠤᠰᠬᠠᠶ ᠮᠡᠷᠭᠡᠵᠢᠯᠲᠡᠨ ᠢ | ᠲᠠᠨᠢᠯᠴᠠᠭᠤᠯᠬᠤ ᠬᠡᠷᠡᠭᠲᠡᠶ ︵ᠵᠠᠷᠴᠢᠮ ᠳᠡᠭᠡᠷ᠎ᠡ ᠪᠠᠨ ᠡᠯ᠎ᠡ ᠠᠶᠢᠮᠠᠭ ᠬᠤᠲᠠ ᠶᠢᠨ ᠲᠠᠨᠢᠯᠴᠠᠭᠤᠯᠤᠭᠰᠠᠨ ᠲᠤᠰᠬᠠᠶ | ᠮᠡᠷᠭᠡᠵᠢᠯᠲᠡᠨ ᠤ ᠬᠥᠮᠦᠨ ᠤ ᠲᠤᠭ᠎ᠠ ᠶᠢ 5 ᠨᠡᠷ᠎ᠡ ᠠᠴᠠ ᠬᠡᠲᠦᠷᠡᠭᠦᠯᠵᠦ ᠪᠣᠯᠬᠤ ᠥᠬᠡᠶ︶᠃ | ︵ᠬᠤᠶᠠᠷ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ | 1. ︽ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ | ᠬᠢᠷᠢ ᠬᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠭᠤᠶᠤᠴᠢᠯᠠᠯ ᠤᠨ | ᠬᠦᠰᠦᠨᠦᠭᠲᠦ︾ ︵ᠲᠣᠰ ᠬᠥᠮᠦᠨ ᠨᠢ ᠭᠠᠷ ᠤᠨ ᠥᠰᠥᠭ ᠵᠢᠷᠤᠵᠤ ᠨᠤᠲᠠᠯᠠᠵᠤ ᠠᠯᠪᠠᠨ ᠲᠠᠮᠠᠭ᠎ᠠ ᠳᠠᠷᠤᠬᠤ | ᠬᠡᠷᠡᠭᠲᠡᠶ︶︔ | 2. ᠪᠡᠶ᠎ᠡ ᠶᠢᠨ ᠦᠨᠡᠮᠯᠡᠯ ᠤᠨ ᠬᠠᠭᠤᠯᠪᠤᠷᠢ︔ | 3. ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ᠂ ᠲᠤᠰᠬᠠᠢ ᠮᠡᠷᠭᠡᠵᠢᠯ ᠤᠨ ᠬᠢᠷᠢ ᠬᠡᠮ ᠤᠨ | ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠬᠠᠭᠤᠯᠪᠤᠷᠢ︔ | 4. ᠰᠠᠶᠢᠨ ᠳᠤᠷ᠎ᠠ ᠠᠴᠠ ᠪᠠᠨ ︵ᠠᠯᠪᠠᠳᠠᠬᠤ ᠪᠤᠰᠤ ᠠᠷᠭ᠎ᠠ︶᠄ ᠭᠤᠤᠯ ᠠᠵᠢᠯ ᠤᠨ ᠠᠮᠵᠢᠯᠲᠠ | ᠪᠦᠲᠦᠮᠵᠢ ᠶᠢᠨ ᠭᠡᠷᠡᠴᠢᠯᠡᠬᠦ ᠮᠠᠲ᠋ᠧᠷᠢᠶᠠᠯ ︵ᠰᠡᠳᠦᠪ ᠤᠨ ᠰᠤᠳᠤᠯᠭᠠᠨ᠂ ᠪᠠᠷᠢᠮᠵᠢᠶ᠎ᠠ ᠲᠣᠭᠲᠠᠭᠠᠬᠤ᠂ ᠱᠠᠩᠨᠠᠯ | ᠣᠯᠤᠭᠰᠠᠨ ᠪᠠᠶᠢᠳᠠᠯ᠂ ᠲᠥᠯᠥᠭᠡᠯᠡᠬᠦ ᠴᠢᠨᠠᠷᠲᠠᠶ ᠦᠷ᠎ᠡ ᠪᠦᠲᠦᠭᠡᠯ᠂ ᠥᠪᠡᠷ ᠢ ᠪᠠᠨ ᠲᠠᠨᠢᠯᠴᠠᠭᠤᠯᠬᠤ | ᠲᠣᠳᠣᠷᠬᠠᠶᠢᠯᠠᠯᠲᠠ ᠵᠡᠷᠭᠡ ᠪᠠᠭᠲᠠᠨ᠎ᠠ︶᠃ | ︵ᠭᠤᠷᠪᠠ︶ ᠭᠤᠶᠤᠴᠢᠯᠠᠨ ᠮᠡᠳᠡᠭᠦᠯᠬᠦ ᠴᠠᠭ | 1. 5 ᠳ᠋ᠤᠭᠠᠷ ᠰᠠᠷ᠎ᠠ ᠶᠢᠨ 26 ᠤ ᠡᠳᠦᠷ ᠠᠴᠠ ᠡᠮᠦᠨ᠎ᠡ ᠲᠠᠨᠢᠯᠴᠠᠭᠤᠯᠭ᠎ᠠ ᠶᠢᠨ ᠮᠠᠲ᠋ᠧᠷᠢᠶᠠᠯ ︵ | ᠰᠢᠷᠪᠢᠯᠲᠡ ᠶᠢᠨ ᠬᠡᠪᠯᠡᠯ︶ ᠢ ᠡᠯᠧᠺᠲᠷᠣᠨ ᠰᠢᠤᠳᠠᠨ ᠤ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠲᠤ | ᠮᠡᠳᠡᠭᠦᠯᠦᠨ ᠬᠦᠷᠭᠡᠨ᠎ᠡ︔ | 2. ᠰᠢᠤᠳᠠᠨ ᠤ ᠬᠠᠶᠢᠷᠴᠠᠭ᠄ 1321593472@qq.com ︵ᠰᠢᠤᠳᠠᠨ ᠤ ᠵᠦᠢᠯ ᠤᠨ ᠭᠤᠤᠯ | ᠰᠡᠳᠦᠪᠲᠦ ᠬᠡᠯᠪᠡᠷᠢ᠄ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ + ᠲᠤᠰᠬᠠᠶ | ᠮᠡᠷᠭᠡᠵᠢᠯᠲᠡᠨ ᠤ ᠲᠥᠷᠥᠯ ᠢᠯᠭᠠᠯ + ᠣᠪᠣᠭ ᠨᠡᠷ᠎ᠡ︶᠃ | ︵ᠲᠦᠷᠪᠡ︶ ᠬᠠᠷᠢᠯᠴᠠᠬᠤ ᠠᠷᠭ᠎ᠠ ᠬᠡᠯᠪᠡᠷᠢ | ᠬᠠᠷᠢᠯᠴᠠᠬᠤ ᠬᠦᠮᠦᠨ᠄ ᠵᠤ᠋ ᠰᠢ | ᠬᠠᠷᠢᠯᠴᠠᠬᠤ ᠤᠲᠠᠰᠤ᠄ 0471 – 5332429 | ᠳᠠᠭᠠᠯᠳᠤᠭᠤᠯᠤᠯ᠄ ︽ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠠᠵᠤ | ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ | ᠭᠤᠶᠤᠴᠢᠯᠠᠯ ᠤᠨ ᠬᠦᠰᠦᠨᠦᠭᠲᠦ︾ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | 2025 ᠣᠨ ᠤ 5 ᠳ᠋ᠤᠭᠠᠷ ᠰᠠᠷ᠎ᠠ ᠶᠢᠨ 21 ᠤ ᠡᠳᠦᠷ | | ᠬᠤᠶᠠᠷ ᠬᠡᠮᠵᠢᠯᠲᠦ ᠺᠤᠳ᠋ ᠢ ᠰᠢᠷᠪᠢᠵᠦ ᠭᠤᠶᠤᠴᠢᠯᠠᠯ ᠤᠨ ᠬᠦᠰᠦᠨᠦᠭᠲᠦ ᠣᠯᠬᠤ | | |