5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ᠂ ᠬᠡᠰᠡᠭ ᠬᠤᠰᠢᠭᠤ ᠰᠢᠶᠠᠨ ︵ᠬᠤᠳᠠ᠂ ᠲᠣᠭᠤᠷᠢᠭ︶ ᠤ ᠴᠠᠯᠢᠩ | ᠥᠷᠢᠲᠦᠬᠦ ᠶᠢ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ | ᠠᠵᠢᠯ ᠢ ᠰᠤᠳᠤᠯᠤᠨ ᠪᠠᠶᠢᠷᠢᠯᠠᠭᠤᠯᠪᠠ᠃ | ᠰᠦᠨ ᠱᠤᠤ ᠴᠧᠩ᠂ ᠡᠯ᠎ᠡ ᠱᠠᠲᠤᠨ ᠤ ᠬᠢᠨ ᠴᠠᠯᠢᠩ ᠥᠷᠢᠲᠦᠬᠦ ᠶᠢ ᠵᠠᠰᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠤᠬᠠᠮᠰᠠᠷ ᠠᠴᠠ ᠪᠠᠨ ᠨᠢᠭᠡᠨ | ᠲᠤᠶᠢᠯ ᠤᠨ ᠴᠢᠬᠤᠯᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠠᠳᠬᠤᠵᠤ᠂ ᠴᠢᠩᠭ᠎ᠠ ᠠᠷᠭ᠎ᠠ | ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠬᠥᠯᠥᠰᠦᠨ ᠲᠠᠷᠢᠶᠠᠴᠢᠨ ᠤ ᠬᠠᠤᠯᠢ ᠶᠣᠰᠣᠨ ᠤ | ᠡᠷᠬᠡ ᠠᠰᠢᠭ ᠢ ᠪᠦᠭᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠡᠷᠡᠰ ᠰᠢᠭᠤᠷᠬᠠᠢ ᠪᠠᠷ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢ ᠡᠪᠦᠷᠯᠡᠵᠦ᠂ ᠬᠠᠲᠠᠭᠤ ᠣᠪᠣᠷ ᠢᠶᠠᠨ ᠢᠯᠡᠷᠡᠭᠦᠯᠵᠦ᠂ ᠡᠯ᠎ᠡ | ᠲᠦᠷᠦᠯ ᠤᠨ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ᠂ ᠵᠣᠷᠢᠭᠤᠳᠠ ᠴᠠᠯᠢᠩ | ᠥᠷᠢᠲᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠬᠡᠷᠡᠭᠵᠢᠭᠦᠯᠦᠯᠲᠡ ᠶᠢᠨ ᠰᠦᠷᠳᠡᠭᠦᠯᠬᠦ | ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠳᠠᠷᠤᠶᠢᠬᠠᠨ ᠳᠠᠭᠢᠨ ᠬᠥᠳᠡᠯᠦᠯᠴᠡᠵᠦ᠂ ᠤᠳᠤ ᠶᠢᠨ ᠠᠵᠢᠯ ᠤᠨ | ᠰᠠᠭᠤᠷᠢᠨ ᠳᠡᠭᠡᠷ᠎ᠡ ᠪᠠᠶᠢᠴᠠᠭᠠᠨ ᠣᠶᠢᠯᠠᠭᠠᠬᠤ ᠶᠢᠨ ᠳᠠᠭᠠᠤ ᠥᠷᠢ ᠰᠢᠷᠢ ᠶᠢ ᠠᠷᠢᠯᠭᠠᠵᠤ ᠲᠣᠭᠲᠠᠴᠠ ᠶᠢ | ᠲᠡᠭᠦᠯᠳᠡᠷᠵᠢᠭᠦᠯᠵᠦ᠂ ᠲᠥᠷᠥᠯ ᠬᠤᠪᠢᠶᠠᠨ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠤᠷᠢᠳ ᠢᠶᠠᠷ | ᠰᠢᠢᠳᠪᠦᠷᠢᠯᠡᠬᠦ ᠳᠡᠰ ᠳᠠᠷᠠᠭᠠᠯᠠᠯ ᠭᠠᠷᠭᠠᠵᠤ ᠥᠷᠢ ᠰᠢᠷᠢ ᠶᠢ ᠲᠦᠷᠭᠡᠨ ᠠᠷᠢᠯᠭᠠᠵᠤ᠂ ᠤᠷᠢᠳᠴᠢᠯᠠᠨ ᠰᠡᠷᠭᠡᠶᠢᠯᠡᠬᠦ᠂ | ᠰᠢᠢᠳᠪᠦᠷᠢᠯᠡᠬᠦ ᠵᠡᠷᠭᠡ ᠲᠣᠭᠲᠠᠴᠠ ᠶᠢ ᠰᠢᠯᠤᠭᠤᠳᠬᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠥᠯᠥᠰᠦᠨ | ᠲᠠᠷᠢᠶᠠᠴᠢᠨ ᠠᠬ᠎ᠠ ᠳᠡᠭᠦᠦ ᠨᠠᠷ ᠲᠤ ᠠᠪᠤᠨ ᠳᠣᠣᠷ᠎ᠠ ᠪᠠᠨ ᠠᠮᠵᠢᠯᠲᠠ ᠣᠯᠣᠭᠰᠠᠨ ᠦᠷ᠎ᠡ ᠪᠦᠲᠦᠮᠵᠢ ᠶᠢ | ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠴᠠᠯᠢᠩ ᠥᠷᠢᠲᠦᠬᠦ ᠶᠢ ᠵᠠᠰᠠᠬᠤ ᠠᠵᠢᠯ ᠤᠨ ᠲᠤᠬᠠᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ | ᠥᠭᠬᠦ ᠶᠢ ᠪᠠᠲᠤᠯᠠᠬᠤ ᠳᠦᠷᠢᠮ ᠢ ᠲᠣᠭᠲᠠᠭᠠᠭᠰᠠᠨ ᠢᠶᠠᠷ ᠠᠵᠠ ᠲᠣᠭᠢᠶᠠᠯ ᠪᠤᠯᠭᠠᠵᠤ᠂ ᠴᠠᠯᠢᠩ ᠥᠷᠢᠲᠦᠬᠦ | ᠠᠰᠠᠭᠤᠳᠠᠯ ᠢ ᠰᠢᠢᠳᠪᠦᠷᠢᠯᠡᠬᠦ ᠶᠢ ᠬᠠᠤᠯᠢ ᠪᠠᠷ ᠵᠠᠰᠠᠬᠤ ᠵᠠᠮ ᠳᠤ ᠤᠯᠠᠮ ᠨᠢᠭᠡ ᠠᠯᠬᠤᠮ ᠣᠷᠣᠭᠤᠯᠵᠤ᠂ | ᠬᠥᠳᠡᠯᠮᠦᠷᠢᠴᠢᠨ ᠠᠵᠤ ᠠᠬᠤᠶᠢᠯᠠᠯ ᠬᠤᠶᠠᠷ ᠲᠠᠯ᠎ᠠ ᠶᠢᠨ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ | ᠬᠡᠷᠡᠭᠯᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃ | ᠢᠦᠢ ᠯᠢ ᠰᠢᠨ᠂ ᠴᠢ᠊ ᠪᠠᠲᠤ ᠬᠤᠷᠠᠯ ᠳᠤ ᠣᠷᠣᠯᠴᠠᠵᠠᠢ᠃ | |