ᠠᠵᠤ ᠦᠢᠯᠡᠰ ᠤᠨ ᠶᠠᠷᠢᠶᠠᠨ ᠤ ᠲᠠᠪᠴᠠᠩ —2025 ᠣᠨ ᠤ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠹᠯᠣᠷ ᠴᠠᠬᠢᠭᠤᠷ ᠤᠨ ᠠᠵᠤ ᠦᠢᠯᠡᠰ ᠤᠨ ᠶᠡᠭᠡ ᠬᠤᠷᠠᠯ ᠪᠤᠭᠤᠲᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/5/22
  5 ᠳ᠋ᠤᠭᠠᠷ ᠰᠠᠷ᠎ᠠ ᠶᠢᠨ 22 ᠤᠨ ᠡᠳᠦᠷ᠂ 2025 ᠣᠨ ᠤ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠹᠯᠣᠷ ᠴᠠᠬᠢᠭᠤᠷ ᠤᠨ ᠠᠵᠤ ᠦᠢᠯᠡᠰ ᠤᠨ ᠶᠡᠭᠡ ᠬᠤᠷᠠᠯ ᠥᠪᠥᠷ ᠮᠣᠩᠭᠤᠯ ᠤᠨ ᠪᠤᠭᠤᠲᠤ ᠬᠤᠲᠠ ᠳᠤ ᠬᠤᠷᠠᠯᠳᠤᠪᠠ᠃ ᠲᠣᠰ ᠬᠤᠭᠤᠴᠠᠭᠠᠨ ᠤ ᠶᠡᠭᠡ ᠬᠤᠷᠠᠯ ᠢ ᠳᠤᠮᠳᠠᠳᠤ ᠤᠯᠤᠰ ᠤᠨ ᠹᠯᠣᠷ ᠴᠠᠬᠢᠭᠤᠷ ᠤᠨ ᠣᠷᠭᠠᠨᠢᠭ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠨᠡᠶᠢᠭᠡᠮᠯᠢᠭ᠂ ᠥᠪᠥᠷ ᠮᠣᠩᠭᠤᠯ ᠤᠨ ᠶᠢᠨ ᠧ ᠪᠥᠸᠧ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠤᠤᠯᠯᠠᠨ ᠡᠷᠭᠢᠯᠡᠪᠡ᠃ ᠶᠡᠭᠡ ᠬᠤᠷᠠᠯ ᠠᠴᠠ ᠤᠳᠤ ᠦᠶ᠎ᠡ ᠶᠢᠨ ᠹᠯᠣᠷ ᠴᠠᠬᠢᠭᠤᠷ ᠤᠨ ᠠᠵᠤ ᠦᠢᠯᠡᠰ ᠤᠨ ᠰᠢᠰᠲ᠋ᠧᠮ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠪᠠᠶᠢᠳᠠᠯ ᠢ ᠶᠡᠭᠡ ᠬᠡᠪᠴᠢᠶ᠎ᠡ ᠪᠠᠷ ᠬᠡᠷᠡᠭᠯᠡᠬᠦ ᠵᠢᠱᠢᠶ᠎ᠡ ᠦᠵᠡᠭᠦᠯᠬᠦ ᠠᠵᠢᠯᠯᠠᠭ᠎ᠠ ᠵᠡᠷᠭᠡ ᠬᠤᠰᠢᠭᠤᠷᠠᠯ ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠲᠠᠯᠠᠪᠤᠷ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯᠯᠠᠭ᠎ᠠ︾ ᠶᠢ ᠵᠡᠷᠭᠡᠪᠡᠷ ᠬᠡᠷᠡᠭᠵᠢᠭᠦᠯᠵᠦ᠂ ᠠᠵᠢᠯ ᠲᠦᠷᠦᠯ ᠤᠨ ᠬᠡᠷᠡᠭ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠯᠣᠭᠠᠶᠢᠯᠠᠭᠴᠢ ᠠᠵᠤ ᠠᠬᠤᠶᠢᠯᠠᠯ᠂ ᠣᠷᠦ᠋ᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠮᠥᠩᠭᠦᠨ ᠭᠦᠢᠯᠭᠡᠭᠡᠨ ᠤ ᠬᠥᠷᠥᠩᠭᠡ ᠵᠡᠷᠭᠡ ᠡᠯ᠎ᠡ ᠲᠠᠯ᠎ᠠ ᠶᠢᠨ ᠬᠦᠴᠦᠨ ᠢ ᠲᠠᠲᠠᠵᠤ᠂ ᠹᠯᠣᠷ ᠴᠠᠬᠢᠭᠤᠷ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠯᠡᠪᠡ᠃  ᠪᠤᠭᠤᠲᠤ ᠬᠤᠲᠠ ᠨᠢ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠠᠢ ᠪᠠᠷ ᠪᠠᠷᠠᠬᠤ ᠥᠬᠡᠶ᠂ ᠪᠠᠰᠠ ᠴᠤ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠬᠤ ᠪᠥᠭᠡᠳ ᠬᠠᠶᠢᠯᠤᠭᠤᠷ ᠵᠣᠩᠰᠢ ᠶᠢᠨ ᠡᠬᠢ ᠪᠠᠶᠠᠯᠢᠭ ᠡᠯᠪᠡᠭ ᠪᠠᠶᠢᠵᠤ᠂ ᠪᠠᠶ᠋ᠬᠠᠣᠪᠤᠭ᠎ᠠ ᠳᠠᠭᠠᠤ ᠳᠠᠬᠢ ᠠᠭᠤᠷᠬᠠᠶ ᠶᠢᠨ ᠬᠠᠶᠢᠯᠤᠭᠤᠷ ᠵᠣᠩᠰᠢ ᠶᠢᠨ ᠡᠬᠢ ᠪᠠᠶᠠᠯᠢᠭ ᠤᠨ ᠬᠠᠳᠠᠭᠠᠯᠠᠯᠲᠠ ᠶᠢᠨ ᠬᠡᠮᠵᠢᠶ᠎ᠡ ᠨᠢ 1.3 ᠳ᠋ᠦᠩᠰᠢᠭᠤᠷ ᠲᠣᠨ ᠪᠠᠶᠢᠵᠤ᠂ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠯᠠᠭᠤᠨ ᠬᠦᠳᠡᠷ ᠰᠢᠯᠢᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢᠭᠡᠨᠲᠡ ᠵᠢᠯ ᠳᠤ 80 ᠲᠦᠮᠡᠨ ᠲᠣᠨ ᠬᠠᠶᠢᠯᠤᠭᠤᠷ ᠵᠣᠩᠰᠢ ᠶᠢᠨ ᠨᠠᠷᠢᠯᠢᠭ ᠬᠦᠳᠡᠷ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠬᠠᠶᠢᠯᠤᠭᠤᠷ ᠵᠣᠩᠰᠢ ᠶᠢᠨ ᠨᠠᠷᠢᠨ ᠨᠤᠨᠲᠠᠭ ᠦᠢᠯᠡᠳᠪᠦᠷᠢᠯᠡᠬᠦ ᠰᠠᠭᠤᠷᠢᠨ ᠭᠠᠵᠠᠷ ᠪᠣᠯᠵᠣ᠂ ᠹᠯᠣᠷ ᠴᠠᠬᠢᠭᠤᠷ ᠤᠨ ᠠᠵᠤ ᠦᠢᠯᠡᠰ ᠲᠤ ᠪᠠᠲᠤ ᠪᠠᠬᠢ ᠲᠦᠭᠦᠬᠡᠶ ᠮᠠᠲ᠋ᠧᠷᠢᠶᠠᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠪᠤᠭᠤᠲᠤ ᠬᠤᠲᠠ ᠶᠢᠨ ᠵᠠᠮ ᠬᠠᠷᠢᠯᠴᠠᠭᠠᠨ ᠤ ᠰᠦᠯᠵᠢᠶ᠎ᠡ ᠳᠥᠭᠦᠮ ᠳᠥᠲᠡ᠂ ᠪᠡᠭᠡᠵᠢᠩ ᠠᠴᠠ ᠪᠤᠭᠤᠲᠤ ᠬᠦᠷᠬᠦ᠂ ᠪᠤᠭᠤᠲᠤ ᠠᠴᠠ ᠯᠠᠨᠵᠸᠤ ᠬᠦᠷᠬᠦ᠂ ᠪᠤᠭᠤᠲᠤ ᠠᠴᠠ ᠰᠢ ᠠᠨ ᠬᠦᠷᠬᠦ ᠲᠡᠮᠦᠷ ᠵᠠᠮ ᠤᠨ ᠠᠭᠤᠯᠵᠠᠷ᠂ 27 ᠵᠤᠷᠪᠤᠰ ᠵᠠᠰᠠᠮᠠᠯ ᠵᠠᠮ ᠤᠨ ᠭᠤᠣᠯ ᠱᠤᠭᠤᠮ᠂ 42 ᠬᠤᠲᠠ ᠶᠢᠨ ᠠᠶᠠᠯᠠᠯ ᠤᠨ ᠱᠤᠭᠤᠮ ᠵᠢᠴᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠴᠣᠷ ᠤᠨ ᠭᠠᠭᠴᠠ ᠬᠠᠭᠤᠷᠠᠶ ᠵᠠᠮ ᠤᠨ ᠪᠣᠭᠤᠮᠲᠠ ᠪᠠᠶᠢᠵᠤ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠳᠤ ᠥᠨᠳᠥᠷ ᠪᠦᠲᠦᠮᠵᠢᠲᠡᠶ ᠲᠤᠯᠭᠠᠭᠤᠷᠢᠯᠠᠯ ᠬᠠᠩᠭᠠᠪᠠ᠃ ᠠᠵᠤ ᠦᠢᠯᠡᠰ ᠤᠨ ᠲᠥᠪᠯᠡᠷᠡᠯ ᠤᠨ ᠳᠠᠪᠠᠭᠤᠯᠢᠭ ᠢᠯᠡᠳᠲᠡ ᠪᠠᠶᠢᠵᠤ᠂ ᠥᠪᠥᠷ ᠮᠣᠩᠭᠤᠯ ᠤᠨ ᠶᠢᠨ ᠧ ᠪᠦᠸᠧ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠧᠵᠢᠶᠠᠩ ᠤᠨ ᠶᠦᠩ ᠾᠧ ᠬᠥᠯᠳᠡᠭᠡᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠡᠭᠡᠵᠢᠩ ᠤᠨ ᠺᠧ ᠯᠠᠢ ᠪᠥᠸᠧ ᠡᠮ ᠡᠮᠨᠡᠯᠭᠡ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠴᠤᠭᠯᠠᠷᠠᠵᠤ᠂ ᠵᠢᠯ ᠳᠤ 30 ᠲᠦᠮᠡᠨ ᠲᠣᠨ ᠤᠰᠤᠲᠥ᠋ᠷᠥᠭᠴᠢᠲᠤ ᠹᠯᠣᠷ ᠬᠦᠴᠢᠯ᠂ 36 ᠲᠦᠮᠡᠨ ᠲᠣᠨ ᠤᠰᠤ ᠦᠭᠡᠢ ᠹᠯᠣᠷᠲᠤ ᠬᠦᠩᠭᠡᠨᠴᠠᠭᠠᠨ᠂ 12 ᠲᠦᠮᠡᠨ ᠲᠣᠨ ᠹᠯᠣᠷ ᠠᠭᠤᠯᠤᠭᠰᠠᠨ ᠬᠥᠯᠳᠡᠭᠡᠬᠦ ᠡᠳ᠋ ᠵᠡᠷᠭᠡ ᠠᠵᠤ ᠦᠢᠯᠡᠰ ᠢ ᠪᠠᠶᠢᠷᠢᠰᠢᠭᠤᠯᠵᠤ᠂ ᠬᠦᠬᠦᠷ ᠬᠦᠴᠢᠯ᠂ ᠮᠧᠲ᠋ᠢᠯ ᠠᠯᠺᠣᠣᠯ᠂ ᠰᠢᠩᠭᠡᠨ ᠾᠯᠣᠷ ᠵᠡᠷᠭᠡ ᠲᠦᠭᠦᠬᠡᠢ ᠮᠠᠲ᠋ᠧᠷᠢᠶᠠᠯ ᠢᠵᠢ ᠪᠦᠷᠢᠨ ᠢᠵᠢ ᠪᠦᠷᠢᠳᠦᠭᠦᠯᠦᠭᠰᠡᠨ ᠪᠠᠶᠢᠨ᠎ᠠ᠃ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠲᠣᠪᠤᠶᠢᠮ᠎ᠠ ᠪᠠᠶᠢᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢᠨ ᠲᠠᠯᠠᠪᠠᠶ ᠨᠢ 40 ᠲᠡᠭᠰᠢ ᠳᠥᠷᠪᠡᠯᠵᠢᠨ ᠺᠢᠯᠤᠮᠧᠲᠷ ᠰᠢᠬᠠᠮ ᠪᠠᠶᠢᠵᠤ᠂ ︽ᠪᠣᠬᠢᠷᠲᠤᠯ ᠥᠬᠡᠶ ᠴᠠᠬᠢᠯᠭᠠᠨ ᠤ ᠦᠢᠯᠡᠳᠪᠦᠷᠢᠯᠡᠯ + ᠤᠶᠤᠨᠴᠢᠯᠠᠭᠰᠠᠨ ᠴᠠᠬᠢᠯᠭᠠᠨ ᠲᠦᠭᠡᠭᠡᠬᠦ ᠲᠣᠤᠷ + ᠣᠷᠴᠢᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ︾ ᠶᠢᠨ ᠵᠠᠭᠪᠤᠷ ᠢᠶᠠᠷ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠬᠦᠴᠦᠨ ᠵᠦᠢᠯ ᠤᠨ ᠪᠠᠲᠤᠯᠠᠭ᠎ᠠ ᠬᠦᠴᠦᠲᠡᠢ ᠪᠠᠶᠢᠵᠤ᠂ ᠠᠵᠤ ᠠᠬᠤᠶᠢᠯᠠᠯ ᠳᠤ ᠲᠣᠭᠲᠠᠭᠤᠨ᠂ ᠭᠦᠢᠴᠡᠳ ᠪᠥᠭᠡᠳ ᠥᠪᠡᠷ ᠤᠨ ᠥᠷᠲᠡᠭ ᠢᠶᠠᠷ ᠳᠣᠣᠷ᠎ᠠ ᠡᠨᠧᠷᠭᠢ ᠪᠠ ᠤᠰᠤᠨ ᠤ ᠡᠬᠢ ᠪᠠᠶᠠᠯᠢᠭ ᠤᠨ ᠳᠡᠮᠵᠢᠯᠭᠡ ᠬᠠᠩᠭᠠᠨ᠎ᠠ᠃  ᠣᠳᠣᠬᠠᠨ ᠳᠤ᠂ ᠪᠤᠭᠤᠲᠤ ᠬᠤᠲᠠ ᠶᠠᠭ ᠹᠯᠣᠷ ᠴᠠᠬᠢᠭᠤᠷ ᠤᠨ ᠠᠵᠤ ᠦᠢᠯᠡᠰ ᠤᠨ ᠲᠥᠪᠯᠡᠷᠡᠯ ᠢ ᠪᠥᠬᠦ ᠬᠦᠴᠦᠨ ᠢᠶᠠᠷ ᠠᠬᠢᠭᠤᠯᠵᠤ᠂ ︽ᠳᠡᠯᠡᠬᠡᠶ ᠶᠢᠨ ᠲᠠᠰ ᠤᠨ ᠬᠠᠳᠠᠭᠠᠯᠠᠭᠳᠠᠴᠠ︾ ᠠᠴᠠ ︽ᠳᠡᠯᠡᠬᠡᠶ ᠶᠢᠨ ᠲᠠᠰ ᠤᠨ ᠠᠵᠤ ᠦᠢᠯᠡᠰ︾ ᠲᠡᠶᠢᠰᠢ ᠤᠷᠤᠭᠰᠢᠯᠠᠬᠤ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠬᠠᠮᠤᠭ ᠤᠨ ᠴᠢᠬᠤᠯᠠ ᠣᠲᠣ ᠦᠶ᠎ᠡ ᠶᠢᠨ ᠹᠯᠣᠷ ᠤᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ ᠪᠠᠶᠢᠨ᠎ᠠ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠶᠡᠭᠡ ᠬᠤᠷᠠᠯ ᠨᠢ ᠪᠤᠭᠤᠲᠤ ᠬᠤᠲᠠ ᠶᠢᠨ ᠡᠬᠢ ᠪᠠᠶᠠᠯᠢᠭ᠂ ᠠᠵᠤ ᠦᠢᠯᠡᠰ᠂ ᠲᠥᠷᠥ ᠶᠢᠨ ᠪᠣᠳᠣᠯᠭ᠎ᠠ᠂ ᠰᠢᠨ᠎ᠡ ᠶᠢ ᠡᠭᠦᠳᠬᠦ ᠵᠡᠷᠭᠡ ᠳᠠᠪᠠᠭᠤᠯᠢᠭ ᠲᠤ ᠲᠦᠰᠢᠭᠯᠡᠨ᠂ ᠡᠬᠢ ᠪᠠᠶᠠᠯᠢᠭ ᠢ ᠵᠣᠯᠭᠠᠭᠤᠯᠬᠤ ᠪᠠ ᠮᠡᠷᠭᠡᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠹᠯᠣᠷ ᠴᠠᠬᠢᠭᠤᠷ ᠤᠨ ᠠᠵᠤ ᠦᠢᠯᠡᠰ ᠤᠨ ᠰᠢᠨ᠎ᠡ ᠶᠢ ᠡᠭᠦᠳᠬᠦ ᠠᠮᠢ ᠠᠬᠤᠶ ᠶᠢ ᠪᠠᠶᠢᠭᠤᠯᠤᠨ᠂ ᠣᠷᠣᠨ ᠪᠦᠰᠡ ᠶᠢᠨ ᠠᠵᠤ ᠠᠬᠤᠶ ᠳᠤ ᠬᠥᠳᠡᠯᠭᠡᠬᠦ ᠬᠦᠴᠦᠨ ᠨᠡᠮᠡᠷᠢᠯᠡᠵᠦ᠂ ᠮᠠᠨ ᠤ ᠤᠯᠤᠰ ᠤᠨ ᠹᠯᠣᠷ ᠴᠠᠬᠢᠭᠤᠷ ᠤᠨ ᠠᠵᠤ ᠦᠢᠯᠡᠰ ᠤᠨ ︽ᠶᠡᠭᠡ︾ ᠠᠴᠠ ︽ᠬᠦᠴᠦᠷᠬᠡᠭ︾ ᠲᠡᠶᠢᠰᠢ ᠲᠠᠰ ᠳᠡᠪᠰᠢᠬᠦ ᠶᠢ ᠠᠬᠢᠭᠤᠯᠬᠤ ᠪᠣᠯᠤᠨ᠎ᠠ᠃ 
 
ᠢᠷᠡᠯᠲᠡ᠄ ᠪᠤᠭᠤᠲᠤ ᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号