ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/5/27
  5 ᠰᠠᠷ᠎ᠠ ᠶᠢᠨ 26 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ᠂ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠯᠠᠨ ᠲᠦᠮᠡᠨ ᠪᠣᠯᠣᠨ ᠦᠨᠳᠦᠰᠦᠨ ᠱᠠᠲᠤᠨ ᠤ ᠬᠠᠨᠤᠮᠵᠢ ᠲᠠᠢ ᠪᠠᠶᠢᠬᠤ ᠬᠡᠮᠵᠢᠶ᠎ᠡ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠵᠤ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠠᠰᠠᠭᠤᠳᠠᠯ ᠢ ᠡᠷᠡᠰ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠢᠶᠠᠷ ᠲᠠᠮᠵᠢᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠬᠢᠭᠤᠯᠵᠤ᠂ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠬᠥᠯᠥᠰᠦ ᠪᠣᠯᠣᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠥᠷᠢᠲᠦᠵᠦ ᠪᠠᠶᠢᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠤᠨ ᠡᠷᠴᠢᠮ ᠢᠶᠠᠨ ᠲᠠᠭᠢᠨ ᠲᠦᠷᠭᠡᠳᠬᠡᠵᠦ᠂ ᠲᠠᠪᠤᠨ ᠶᠡᠭᠡ ᠡᠭᠦᠷᠭᠡ ᠪᠣᠯᠣᠨ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠳᠤ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠴᠢᠳᠠᠬᠤ ᠶᠢᠨ ᠬᠢᠷᠢ ᠪᠠᠷ ᠲᠦᠷᠭᠡᠨ ᠬᠢᠬᠦ ᠶᠢ ᠪᠠᠷᠢᠮᠲᠠᠯᠠᠵᠤ᠂ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠲᠠᠢ ᠬᠠᠷᠭᠤᠭᠤᠯᠤᠨ ᠴᠢᠬᠤᠯᠠ ᠶᠡᠭᠡ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠤᠨ ᠶᠠᠮᠤᠨ ᠵᠥᠪᠯᠡᠯ ᠲᠠᠢ ᠢᠳᠡᠪᠬᠢᠲᠡᠢ ᠵᠣᠯᠭᠠᠭᠤᠯᠵᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤ ᠶᠢ ᠦᠨᠡᠨ ᠬᠦ ᠬᠠᠪᠰᠤᠷᠴᠤ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ᠪᠦᠲᠦᠭᠡᠨ ᠪᠠᠶᠢᠭᠤᠯᠵᠤ ᠪᠠᠶᠢᠭ᠎ᠠ ᠭᠡᠷ ᠪᠠᠶᠢᠰᠢᠩ ᠤᠨ ᠬᠤᠲᠠ ᠶᠢᠨ ᠶᠠᠪᠤᠳᠠᠯ ᠤᠨ  ᠢᠨᠵᠧᠨᠧᠷᠢᠩ᠂ ᠵᠠᠮ ᠬᠠᠷᠢᠯᠴᠠᠭᠠᠨ ᠤ ᠬᠦᠷᠢᠶᠡᠨ ᠳᠠᠬᠢ ᠴᠠᠯᠢᠩ ᠥᠷᠢᠲᠦᠬᠦ ᠠᠰᠠᠭᠤᠳᠠᠯ ᠢ ᠵᠠᠰᠠᠬᠤ ᠠᠵᠢᠯ ᠢ ᠰᠤᠳᠤᠯᠵᠤ᠂ ᠪᠦᠭᠦ ᠪᠠᠶᠢᠳᠠᠯ ᠢ ᠭᠦᠨᠵᠡᠭᠡᠢ ᠣᠶᠢᠯᠠᠭᠠᠨ᠂ ᠪᠣᠳᠠᠲᠠᠢ ᠲᠤᠭ᠎ᠠ ᠶᠢ ᠪᠦᠭᠦ ᠰᠢᠰᠲ᠋ᠧᠮ ᠢᠶᠠᠷ ᠡᠵᠡᠮᠰᠢᠵᠦ᠂ ᠡᠯ᠎ᠡ ᠱᠠᠲᠤᠨ ᠤ ᠵᠠᠰᠠᠭ ᠤᠨ ᠣᠷᠳᠣᠨ ᠴᠠᠭ ᠲᠤᠬᠠᠢ ᠳᠤᠨᠢ ᠪᠡᠯᠡ ᠮᠥᠩᠭᠦ ᠶᠢ ᠰᠠᠯᠭᠠᠨ ᠥᠭᠴᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠮᠠᠭᠤ ᠰᠠᠨᠠᠭ᠎ᠠ ᠪᠠᠷ ᠵᠣᠷᠢᠭᠤᠳᠠ ᠴᠠᠯᠢᠩ ᠥᠷᠢᠲᠦᠬᠦ ᠦᠶᠯᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ ᠥᠭᠬᠦ ᠪᠢᠲᠡᠭᠦᠦ ᠭᠤᠭᠴᠣᠭᠠᠲᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ᠮᠥᠩᠭᠦᠨ ᠭᠦᠢᠯᠭᠡᠭᠡᠨ ᠤ ︽ᠲᠠᠪᠤᠨ ᠶᠡᠭᠡ ᠠᠵᠢᠯ︾ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ᠂ ᠲᠥᠪ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠮᠦᠷᠳᠡᠨ ᠨᠠᠶᠢᠳᠠᠪᠤᠷᠢᠵᠢᠭᠤᠯᠵᠤ᠂ ᠠᠰᠠᠭᠤᠳᠠᠯ ᠢ ᠰᠢᠢᠳᠪᠦᠷᠢᠯᠡᠬᠦ ᠪᠠᠷ ᠵᠢᠯᠣᠭᠤᠳᠤᠮᠵᠢ ᠪᠤᠯᠭᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠠᠩᠬᠢ ᠠᠴᠠ ᠬᠡᠨ ᠳᠤ ᠵᠢᠭᠡᠯᠡᠯᠭᠡ ᠲᠠᠯᠪᠢᠬᠤ᠂ ᠠᠵᠤ ᠠᠬᠤᠶᠢᠯᠠᠯ ᠬᠡᠨ ᠢ ᠡᠷᠢᠵᠦ ᠵᠢᠭᠡᠯᠡᠯᠭᠡ ᠠᠪᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠢᠭᠡᠯᠡᠯᠭᠡ ᠶᠢ ᠨᠠᠶᠢᠳᠠᠪᠤᠷᠢᠵᠢᠭᠤᠯᠬᠤ ᠳᠤᠮᠳᠠᠬᠢ ᠲᠦᠭᠵᠢᠷᠡᠯ ᠴᠡᠭ ᠢ ᠠᠷᠢᠯᠭᠠᠨ᠂ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃  ᠬᠤᠷᠠᠯ ᠠᠴᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠠᠵᠢᠯ ᠤᠨ ᠲᠥᠰᠥᠯ ᠢ ᠬᠢᠨᠠᠨ ᠵᠥᠪᠯᠡᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ︽ᠲᠠᠰ ᠳᠡᠪᠰᠢᠭᠰᠡᠨ ᠬᠡᠪᠯᠡᠯ︾ ᠤᠨ ᠠᠵᠢᠯ ᠢ ᠰᠠᠶᠢᠲᠤᠷ ᠬᠢᠵᠦ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠵᠡᠷᠭᠡ ᠲᠠᠯ᠎ᠠ ᠪᠠᠷ ᠣᠯᠠᠨ ᠲᠤᠷᠰᠢᠯᠭ᠎ᠠ ᠬᠤᠷᠠᠮᠳᠤᠭᠤᠯᠵᠤ᠂ ᠬᠡᠪ ᠳᠠᠭᠤᠷᠢᠶᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ᠪᠠᠰᠠ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠴᠠᠭᠢᠯᠭᠠᠨ ᠤ ᠦᠨ᠎ᠡ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠶᠠᠪᠤᠳᠠᠯ ᠢ ᠰᠤᠳᠤᠯᠪᠠ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号