6 ᠳ᠋ᠤᠭᠠᠷ ᠰᠠᠷ᠎ᠠ ᠶᠢᠨ 10 ᠤ ᠡᠳᠦᠷ᠂ 2021 ᠣᠨ ᠤ ᠳᠤᠮᠳᠠᠳᠤ ᠤᠯᠤᠰ ᠤᠨ ᠠᠵᠤ ᠦᠢᠯᠡᠰ ᠤᠨ | ᠰᠢᠯᠵᠢᠯᠲᠡ ᠶᠢᠨ ᠬᠥᠭᠵᠢᠯᠲᠡ ᠶᠢ ᠵᠣᠯᠭᠠᠭᠤᠯᠬᠤ ᠠᠵᠢᠯᠯᠠᠭ᠎ᠠ ︵ᠥᠪᠥᠷ ᠮᠣᠩᠭᠤᠯ︶ ᠳᠡᠭᠡᠷ᠎ᠡ᠂ ᠵᠢᠶᠠᠩᠰᠦ ᠶᠢᠨ ᠵᠢᠶᠠ | ᠰᠢᠤᠸᠠᠨ ᠤᠶᠤᠨᠴᠢ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠦ᠋ ᠵᠢᠶᠧ ᠤᠨ ᠦᠵᠡᠬᠦ ᠪᠠᠷ᠂ | ᠥᠪᠥᠷ ᠮᠣᠩᠭᠤᠯ ᠪᠣᠯ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠠᠵᠤ ᠦᠢᠯᠡᠰ ᠤᠨ ︽ᠲᠥᠷᠥᠯᠬᠢ ᠥᠩ | ᠰᠢᠮᠡᠯᠢᠭ ᠬᠥᠷᠥᠰᠥ ᠰᠢᠷᠣᠢ︾ ᠲᠠᠢ ᠪᠠᠶᠢᠵᠤ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ | ᠬᠥᠭᠵᠢᠯᠲᠡ ᠶᠢᠨ ᠳᠤᠮᠳᠠ ᠣᠷᠣᠯᠠᠭᠤᠯᠵᠤ ᠪᠣᠯᠤᠰᠢ ᠦᠭᠡᠢ ᠳᠠᠪᠠᠭᠤᠯᠢᠭ ᠲᠠᠯ᠎ᠠ ᠲᠠᠢ ᠭᠡᠵᠦ ᠦᠵᠡᠪᠡ᠃ | | | | | | 2025 ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠬᠥᠭᠵᠢᠯᠲᠡ ᠶᠢ ᠵᠣᠯᠭᠠᠭᠤᠯᠬᠤ | ᠠᠵᠢᠯᠯᠠᠭ᠎ᠠ ᠶᠢᠨ ︵ᠥᠪᠥᠷ ᠮᠣᠩᠭᠤᠯ︶ ᠡᠬᠢᠯᠡᠯᠲᠡ ᠶᠢᠨ ᠶᠣᠰᠣᠯᠠᠯ ᠳᠡᠭᠡᠷ᠎ᠡ᠂ ᠵᠢᠶᠠᠩᠰᠦ ᠶᠢᠨ ᠵᠢᠶᠠ ᠰᠢᠤᠸᠠᠨ | ᠤᠶᠤᠨᠴᠢ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠦ᠋ ᠵᠢᠶᠧ ᠶᠠᠷᠢᠶ᠎ᠠ ᠲᠠᠯᠪᠢᠪᠠ᠃ ᠰᠢᠨᠬᠤᠸᠠ | ᠰᠦᠯᠵᠢᠶᠡᠨ ᠤ ᠴᠠᠬᠢᠯᠭᠠᠨ ᠮᠡᠳᠡᠭᠡ | ᠵᠢᠶᠠᠩᠰᠦ ᠶᠢᠨ ᠵᠢᠶᠠ ᠰᠢᠤᠸᠠᠨ ᠣᠶᠤᠨᠴᠢ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠤᠯᠤᠰ ᠤᠨ ᠳᠡᠰ ᠤᠨ ᠲᠤᠰᠬᠠᠢ ᠨᠠᠷᠢᠯᠢᠭ | ᠣᠨᠴᠠᠯᠢᠭᠲᠤ ᠰᠢᠨ᠎ᠡ ︽ᠵᠢᠵᠢᠭ ᠠᠪᠤᠷᠭᠤ ᠬᠥᠮᠦᠨ︾ ᠠᠵᠤ ᠠᠬᠤᠶᠢᠯᠠᠯ᠂ ᠭᠦᠨ ᠬᠠᠭᠠᠯᠪᠤᠷᠢᠯᠠᠬᠤ ᠲᠣᠭᠲᠠᠮᠠᠯ | ᠰᠣᠷᠢᠨᠵᠢᠨ ᠢᠶᠠᠷ ᠰᠢᠭᠤᠳ ᠬᠥᠳᠡᠯᠭᠡᠬᠦ ᠮᠡᠷᠭᠡᠵᠢᠯ ᠨᠢ ᠬᠤᠷᠢᠭᠠᠳ ᠵᠢᠯ ᠰᠢᠬᠠᠮ ᠪᠣᠯᠵᠤ᠂ ᠴᠠᠬᠢᠯᠭᠠᠨ ᠮᠠᠰᠢᠨ ᠤ | ᠵᠢᠷᠤᠭ ᠲᠥᠯᠥᠪᠯᠡᠭᠡ ᠠᠴᠠ ᠰᠢᠰᠲ᠋ᠧᠮ ᠤᠨ ᠬᠤᠷᠠᠮᠠᠯ ᠬᠦᠷᠲᠡᠯᠡᠬᠢ ᠪᠦᠬᠦ ᠬᠡᠯᠬᠢᠶᠡᠨ ᠤ ᠰᠢᠨ᠎ᠡ ᠶᠢ ᠡᠭᠦᠳᠬᠦ | ᠴᠢᠳᠠᠪᠤᠷᠢ ᠶᠢ ᠪᠦᠷᠢᠯᠳᠦᠭᠦᠯᠵᠦ᠂ ᠭᠤᠣᠯᠯᠠᠭᠴᠢ ᠦᠢᠯᠡᠳᠬᠦᠨ ᠤ ᠲᠣᠭᠲᠠᠮᠠᠯ ᠰᠣᠷᠢᠨᠵᠢᠨ ᠪᠦᠬᠦ ᠪᠥᠮᠪᠥᠷᠴᠡᠭ ᠤᠨ | ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠨᠢ 6 ᠵᠢᠯ ᠳᠠᠷᠠᠭᠠᠯᠠᠨ ᠨᠢᠭᠡᠳᠦᠭᠡᠷ ᠲᠤ ᠤᠷᠤᠵᠠᠢ᠃ 2023 ᠣᠨ ᠳᠤ᠂ | ᠺᠣᠮᠫᠠᠨᠢ ᠨᠢ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ︵ᠪᠦᠯᠦᠭᠯᠡᠯ︶ ᠶᠢᠨ ᠳᠡᠭᠡᠳᠦ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠳᠣᠷᠣᠭᠰᠢ ︽ᠤᠮᠠᠷᠠᠲᠤ ᠶᠢᠨ | ᠬᠤᠪᠣᠷ ᠰᠢᠷᠣᠶ︾ ᠭᠡᠵᠦ ᠲᠣᠪᠴᠢᠯᠠᠨ᠎ᠠ︶ ᠲᠠᠢ ᠬᠠᠮᠲᠤᠷᠠᠯᠴᠠᠵᠤ᠂ ᠪᠤᠭᠤᠲᠤ ᠬᠤᠲᠠ ᠳᠤ ᠥᠪᠥᠷ ᠮᠣᠩᠭᠤᠯ ᠤᠨ | ᠤᠮᠠᠷᠠᠲᠤ ᠶᠢᠨ ᠵᠢᠶᠠ ᠰᠢᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ︵ᠳᠣᠷᠣᠭᠰᠢ ︽ | ᠤᠮᠠᠷᠠᠲᠤ ᠶᠢᠨ ᠵᠢᠶᠠ ᠰᠢᠤᠸᠠᠨ︾ ᠭᠡᠵᠦ ᠲᠣᠪᠴᠢᠯᠠᠨ᠎ᠠ︶ ᠶᠢ ᠪᠠᠶᠢᠭᠤᠯᠵᠤ᠂ ᠬᠤᠪᠣᠷ ᠰᠢᠷᠣᠶ ᠶᠢᠨ ᠲᠣᠭᠲᠠᠮᠠᠯ | ᠰᠣᠷᠢᠨᠵᠢᠨ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠪᠠ᠃ | ᠹᠦ᠋ ᠵᠢᠶᠧ ᠢᠯᠡᠷᠬᠡᠶᠢᠯᠡᠭᠰᠡᠨ ᠨᠢ᠂ ᠪᠤᠭᠤᠲᠤ ᠬᠤᠲᠠ ᠶᠢᠨ ᠬᠤᠪᠣᠷ ᠰᠢᠷᠣᠶ ᠶᠢᠨ ᠡᠬᠢ ᠪᠠᠶᠠᠯᠢᠭ ᠤᠯᠠᠨ ᠠᠴᠠ | ᠣᠨᠴᠠᠭᠠᠢ ᠪᠠᠶᠢᠵᠤ᠂ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠳᠤ ᠬᠠᠩᠭᠠᠯᠭ᠎ᠠ ᠶᠢᠨ ᠬᠡᠯᠬᠢᠶ᠎ᠡ ᠶᠢ | ᠬᠠᠩᠭᠠᠪᠠ᠃ ᠤᠮᠠᠷᠠᠲᠤ ᠶᠢᠨ ᠬᠤᠪᠣᠷ ᠰᠢᠷᠣᠢ ᠨᠢ ᠪᠦᠬᠦ ᠪᠥᠮᠪᠥᠷᠴᠡᠭ ᠤᠨ ᠬᠠᠮᠤᠭ ᠤᠨ ᠶᠡᠭᠡ ᠬᠤᠪᠣᠷ ᠰᠢᠷᠣᠢ ᠶᠢᠨ | ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠵᠢᠶᠠ ᠰᠢᠤᠸᠠᠨ ᠲᠠᠢ ︽ᠬᠤᠪᠣᠷ ᠰᠢᠷᠣᠢ ᠶᠢ ᠨᠡᠭᠡᠭᠡᠨ ᠮᠠᠯᠲᠠᠬᠤ — | ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ — ᠴᠠᠬᠢᠯᠭᠠᠨ ᠮᠠᠰᠢᠨ ᠦᠢᠯᠡᠳᠬᠦ︾ ᠠᠵᠤ ᠦᠢᠯᠡᠰ ᠤᠨ ᠬᠡᠯᠬᠢᠶ᠎ᠡ ᠶᠢ | ᠪᠦᠷᠢᠯᠳᠦᠭᠦᠯᠪᠡ᠃ ᠥᠪᠥᠷ ᠮᠣᠩᠭᠤᠯ ᠤᠨ ︽ᠬᠤᠣᠰ ᠨᠡᠭᠦᠷᠡᠰᠦᠲᠥ᠋ᠷᠥᠭᠴᠢ︾ ᠶᠢᠨ ᠵᠢᠱᠢᠶ᠎ᠡ ᠦᠵᠡᠭᠦᠯᠬᠦ | ᠢᠨᠵᠧᠨᠧᠷᠢᠩ ᠤᠨ ᠡᠨᠧᠷᠭᠢ ᠣᠯᠭᠤᠬᠤ ᠺᠣᠮᠫᠠᠨᠢ ᠶᠢᠨ ᠠᠵᠤ ᠦᠢᠯᠡᠰ ᠤᠨ ᠲᠡᠰ ᠳᠡᠪᠰᠢᠵᠦ᠂ ᠲᠣᠭᠲᠠᠮᠠᠯ ᠰᠣᠷᠢᠨᠵᠢᠨ | ᠰᠢᠭᠤᠳ ᠬᠥᠳᠡᠯᠭᠡᠬᠦ ᠮᠡᠷᠭᠡᠵᠢᠯ ᠨᠢ ᠨᠡᠭᠦᠷᠡᠰᠦ ᠴᠠᠬᠢᠯᠭᠠᠨ᠂ ᠲᠡᠮᠦᠷᠯᠢᠭ ᠪᠣᠯᠪᠠᠰᠤᠷᠠᠭᠤᠯᠬᠤ᠂ ᠰᠢᠨ᠎ᠡ ᠡᠨᠧᠷᠭᠢ ᠵᠡᠷᠭᠡ | ᠠᠵᠤ ᠦᠢᠯᠡᠰ ᠲᠠᠢ ᠭᠦᠨᠵᠡᠭᠡᠢ ᠲᠣᠬᠢᠷᠠᠯᠴᠠᠪᠠ᠃ ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠪᠠ | ᠵᠠᠬ᠎ᠠ ᠳᠡᠯᠭᠡᠭᠦᠷ ᠤᠨ ᠳᠠᠯᠳᠠ ᠬᠦᠴᠦᠨ ᠨᠢ ᠺᠣᠮᠫᠠᠨᠢ ᠶᠢᠨ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ | ᠥᠷᠭᠡᠳᠬᠡᠬᠦ ᠳᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠬᠠᠩᠭᠠᠪᠠ᠃ ᠡᠬᠢ ᠪᠠᠶᠠᠯᠢᠭ ᠤᠨ ᠳᠠᠪᠠᠭᠤᠯᠢᠭ᠂ | ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠯᠳᠠ | ᠬᠦᠴᠦᠨ ᠳᠤ ᠲᠦᠰᠢᠭᠯᠡᠨ᠂ ᠤᠮᠠᠷᠠᠲᠤ ᠶᠢᠨ ᠵᠢᠶᠠ ᠰᠢᠦᠸᠠᠨ ᠲᠤᠬᠠᠶ ᠶᠢᠨ ᠵᠢᠯ ᠳᠤ ᠠᠰᠢᠭᠯᠠᠯᠲᠠ ᠳᠤ ᠣᠷᠣᠵᠤ᠂ | ᠲᠤᠬᠠᠶ ᠶᠢᠨ ᠵᠢᠯ ᠳᠤ ᠠᠰᠢᠭ ᠣᠯᠵᠠᠪᠤᠷᠢ ᠣᠯᠵᠤ᠂ ᠥᠪᠥᠷ ᠮᠣᠩᠭᠤᠯ ᠤᠨ ᠲᠣᠭᠲᠠᠮᠠᠯ ᠰᠣᠷᠢᠨᠵᠢᠨ ᠠᠵᠤ | ᠦᠢᠯᠡᠰ ᠤᠨ ᠲᠠᠰ ᠳᠡᠪᠰᠢᠬᠦ ᠬᠡᠪ ᠳᠠᠭᠤᠷᠢᠶᠠᠯ ᠤᠨ ᠲᠥᠷᠥᠯ ᠵᠦᠢᠯ ᠪᠣᠯᠪᠠ᠃ ᠪᠸᠢ ᠹᠠᠩ ᠵᠢᠶᠠ ᠰᠢᠦᠸᠠᠨ ᠬᠢᠭᠡᠳ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠩᠨᠢᠭ ᠮᠡᠷᠭᠡᠵᠢᠯ ᠤᠨ ᠶᠡᠭᠡ ᠰᠤᠷᠭᠠᠭᠤᠯᠢ ᠬᠠᠮᠲᠤᠷᠠᠯᠴᠠᠵᠤ᠂ ᠬᠤᠪᠣᠷ | ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠢ ᠰᠤᠳᠤᠯᠤᠨ ᠨᠡᠭᠡᠭᠡᠬᠦ ᠶᠢ ᠲᠦᠷᠭᠡᠳᠬᠡᠨ᠂ ᠬᠡᠷᠡᠭᠯᠡᠭᠡ ᠪᠠᠷ | ᠬᠥᠲᠥᠯᠦᠮᠵᠢ ᠪᠣᠯᠭᠠᠵᠤ᠂ ᠠᠩᠬᠠᠨ ᠤ ᠡᠭᠦᠳᠦᠯᠲᠡ ᠶᠢᠨ ᠴᠢᠨᠠᠷᠲᠠᠶ ᠰᠢᠨ᠎ᠡ ᠮᠠᠲ᠋ᠧᠷᠢᠶᠠᠯ ᠰᠢᠨ᠎ᠡ ᠮᠡᠷᠭᠡᠵᠢᠯ ᠢ ᠨᠡᠭᠡᠭᠡᠨ | ᠬᠥᠭᠵᠢᠭᠦᠯᠵᠦ᠂ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠤᠪᠢᠷᠠᠭᠤᠯᠬᠤ ᠶᠢ ᠠᠬᠢᠭᠤᠯᠤᠨ᠎ᠠ᠃ ᠬᠤᠪᠣᠷ | ᠰᠢᠷᠣᠶ ᠶᠢᠨ ᠰᠤᠷᠢᠨᠵᠢᠨ ᠮᠠᠲ᠋ᠧᠷᠢᠶᠠᠯ ᠢ ᠡᠭᠡᠭᠦᠯᠦᠨ ᠬᠤᠷᠢᠶᠠᠬᠤ ᠮᠡᠷᠭᠡᠵᠢᠯ ᠢ ᠣᠷᠣᠭᠤᠯᠤᠨ ᠠᠪᠴᠢᠷᠠᠵᠤ᠂ ︽ᠡᠬᠢ | ᠪᠠᠶᠠᠯᠢᠭ — ᠦᠢᠯᠡᠳᠬᠦ — ᠳᠠᠬᠢᠯᠲᠠ︾ ᠪᠢᠲᠡᠭᠦᠦ ᠴᠠᠭᠠᠷᠢᠭ ᠢ ᠪᠠᠶᠢᠭᠤᠯᠤᠨ᠎ᠠ᠃ | ᠹᠦ᠋ ᠵᠢᠶᠧ ᠲᠠᠨᠢᠯᠴᠠᠭᠤᠯᠬᠤ ᠳᠠᠭᠠᠨ᠂ ᠪᠸᠢ ᠹᠠᠩ ᠵᠢᠶᠠ ᠰᠢᠤᠸᠠᠨ ᠬᠤᠶᠠᠳᠤᠭᠠᠷ ᠬᠤᠭᠤᠴᠠᠭᠠᠨ ᠤ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠵᠢᠯ ᠳᠤ ᠮᠢᠩᠭ᠎ᠠ ᠭᠠᠷᠤᠶ ᠣᠶᠤᠨᠴᠢ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ | ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠨᠡᠮᠡᠭᠳᠡᠭᠦᠯᠵᠦ᠂ ᠡᠨᠧᠷᠭᠢ ᠶᠢᠨ ᠴᠠᠬᠢᠯᠭᠠᠨ ᠬᠦᠴᠦᠨ᠂ ᠰᠠᠯᠬᠢᠨ | ᠬᠦᠴᠦᠨ ᠤ ᠴᠠᠬᠢᠯᠭᠠᠨ ᠤ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠵᠡᠷᠭᠡ ᠰᠢᠨ᠎ᠡ ᠪᠠᠷ ᠬᠥᠭᠵᠢᠭᠰᠡᠨ | ᠬᠦᠷᠢᠶ᠎ᠡ ᠶᠢ ᠭᠤᠤᠯᠳᠠᠯᠭ᠎ᠠ ᠲᠠᠢ ᠪᠠᠶᠢᠷᠢᠯᠠᠭᠤᠯᠤᠨ᠎ᠠ᠃ ᠤᠮᠠᠷᠠᠲᠤ ᠶᠢᠨ ᠰᠤᠳᠤᠯᠤᠨ ᠨᠡᠭᠡᠭᠡᠬᠦ ᠲᠥᠪ ᠢ ᠪᠡᠯᠡ | ᠣᠷᠣᠭᠤᠯᠤᠨ ᠪᠦᠲᠦᠭᠡᠨ ᠪᠠᠶᠢᠭᠤᠯᠵᠤ᠂ ᠤᠮᠠᠷᠠᠲᠤ ᠣᠷᠣᠨ ᠤ ᠬᠤᠪᠣᠷ ᠰᠢᠷᠣᠶ ᠶᠢᠨ ᠨᠡᠭᠡᠭᠡᠨ ᠬᠥᠭᠵᠢᠭᠦᠯᠬᠦ | ᠥᠪᠡᠷ ᠤᠨ ᠥᠷᠲᠡᠭ ᠢᠶᠠᠷ ᠳᠣᠤᠷ᠎ᠠ ᠰᠣᠷᠢᠨᠵᠢᠨ ᠡᠨᠧᠷᠭᠢ ᠶᠢᠨ ᠬᠤᠷᠠᠮᠠᠯ ᠰᠣᠷᠢᠨᠵᠢᠨ ᠮᠠᠲ᠋ᠧᠷᠢᠶᠠᠯ ᠤᠨ ᠨᠡᠭᠡᠭᠡᠨ | ᠬᠥᠭᠵᠢᠭᠦᠯᠬᠦ ᠨᠢ ᠬᠤᠪᠣᠷ ᠰᠢᠷᠣᠶ ᠶᠢᠨ ᠬᠡᠷᠡᠭᠯᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ ︽ᠥᠪᠥᠷ | ᠮᠣᠩᠭᠤᠯ ᠤᠨ ᠲᠣᠭᠲᠠᠮᠠᠯ ᠰᠣᠷᠢᠨᠵᠢᠨ ᠠᠵᠤ ᠦᠢᠯᠡᠰ ᠤᠨ ᠬᠤᠯᠪᠣᠭ᠎ᠠ︾ ᠶᠢ ᠡᠭᠦᠰᠭᠡᠨ ᠪᠠᠶᠢᠭᠤᠯᠵᠤ᠂ ᠳᠡᠭᠡᠳᠦ | ᠳᠣᠤᠷᠠᠳᠤ ᠤᠷᠤᠰᠬᠠᠯ ᠤᠨ ᠠᠵᠤ ᠠᠬᠤᠶᠢᠯᠠᠯ ᠢ ᠲᠡᠳᠡᠨ ᠰᠠᠭᠤᠯᠭᠠᠵᠤ᠂ ᠬᠤᠪᠣᠷ ᠰᠢᠷᠣᠶ ᠮᠠᠯᠲᠠᠬᠤ᠂ ᠰᠣᠷᠢᠨᠵᠢᠨ | ᠮᠠᠲ᠋ᠧᠷᠢᠶᠠᠯ ᠡᠳ᠋ᠰᠢᠭᠦᠯᠬᠦ ᠠᠴᠠ ᠲᠣᠨᠤᠭ ᠲᠥᠬᠦᠭᠡᠷᠦᠮᠵᠢ ᠦᠢᠯᠡᠳᠬᠦ ᠬᠦᠷᠲᠡᠯᠡᠬᠢ ᠮᠢᠩᠭᠠᠨ ᠳ᠋ᠦᠩᠰᠢᠭᠤᠷ ᠲᠠᠰ ᠤᠨ | ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠵᠤ᠂ ᠥᠪᠥᠷ ᠮᠣᠩᠭᠤᠯ ᠤᠨ ᠪᠥᠬᠦ ᠪᠥᠮᠪᠥᠷᠴᠡᠭ ᠤᠨ ᠲᠣᠭᠲᠠᠮᠠᠯ | ᠰᠣᠷᠢᠨᠵᠢᠨ ᠮᠡᠷᠭᠡᠵᠢᠯ ᠤᠨ ᠰᠢᠨ᠎ᠡ ᠶᠢ ᠡᠭᠦᠳᠬᠦ ᠭᠤᠯᠤᠮᠳᠠ ᠶᠢᠨ ᠭᠠᠵᠠᠷ ᠪᠣᠯᠬᠤ ᠳᠤ ᠬᠦᠴᠦᠨ ᠨᠡᠮᠡᠷᠢᠯᠡᠨ᠎ᠡ᠃ | ︽ᠥᠪᠥᠷ ᠮᠣᠩᠭᠤᠯ ᠤᠨ ᠬᠤᠪᠣᠷ ᠰᠢᠷᠣᠶ ᠶᠢᠨ ᠡᠬᠢ ᠪᠠᠶᠠᠯᠢᠭ ᠬᠢᠭᠡᠳ ᠵᠢᠶᠠ ᠰᠢᠤᠸᠠᠨ ᠤ ᠮᠡᠷᠭᠡᠵᠢᠯ ᠤᠨ | ᠳᠠᠪᠠᠭᠤᠯᠢᠭ ᠶᠠᠭ ᠰᠠᠶᠢᠬᠠᠨ ︿ᠡᠬᠢ ᠪᠠᠶᠠᠯᠢᠭ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ﹀ ᠤᠨ ᠠᠵᠤ | ᠦᠢᠯᠡᠰ ᠤᠨ ᠳᠡᠰ ᠳᠡᠪᠰᠢᠬᠦ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃ ᠢᠷᠡᠬᠦ 3 ᠵᠢᠯ ᠳᠤ᠂ ᠺᠣᠮᠫᠠᠨᠢ ᠠᠴᠠ | ᠪᠤᠭᠤᠲᠤ ᠬᠤᠳᠠ ᠪᠠᠷ ᠲᠥᠪ ᠪᠣᠯᠭᠠᠵᠤ᠂ ︿ᠤᠮᠠᠷᠠᠲᠤ ᠶᠢᠨ ᠲᠣᠭᠲᠠᠮᠠᠯ ᠰᠣᠷᠢᠨᠵᠢᠨ ᠢᠶᠠᠷ ᠠᠵᠤ ᠦᠢᠯᠡᠰ ᠤᠨ | ᠥᠨᠳᠦᠷᠯᠢᠭ ᠭᠠᠵᠠᠷ﹀ ᠢ ᠴᠣᠭᠴᠠᠯᠠᠨ᠎ᠠ ᠭᠡᠵᠦ ᠹᠦ ᠵᠢᠶᠧ ᠬᠡᠯᠡᠪᠡ᠃ ︵ᠬᠤᠤ ᠹᠠᠩ ᠹᠠᠩ︶ | |