2025 ᠣᠨ ᠠᠴᠠ ᠨᠠᠭᠠᠰᠢ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠳᠤᠮᠳᠠᠳᠤ | ᠤᠯᠤᠰ ᠤᠨ ᠬᠠᠷᠢᠶᠠᠲᠤ ᠬᠢᠯᠢ ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠠᠯᠬᠤᠮ ᠠᠯᠬᠤᠮ ᠢᠶᠠᠷ | ᠨᠡᠮᠡᠭᠳᠡᠬᠦ ᠶᠢ ᠳᠠᠭᠠᠯᠳᠤᠨ᠂ ᠮᠣᠩᠭᠤᠯ ᠤᠨ ᠲᠠᠯ᠎ᠠ ᠶᠢᠨ ᠵᠠᠮ ᠤᠨ ᠡᠭᠦᠳᠡ ᠬᠢᠯᠢ ᠶᠢᠨ ᠪᠣᠭᠤᠮᠲᠠ ᠳᠠᠬᠢ ᠳᠤᠮᠳᠠᠳᠤ | ᠤᠯᠤᠰ ᠤᠨ ᠬᠠᠷᠢᠶᠠᠲᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠠᠴᠠ 300 ᠲᠥᠭᠦᠷᠢᠭ / ᠰᠠᠥᠷᠢ / | ᠤᠳᠠᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠬᠤᠷᠢᠶᠠᠪᠠ᠃ ᠮᠠᠨ ᠤ ᠠᠯᠪᠠᠨ ᠭᠡᠷ ᠡᠷᠢᠶᠡᠨ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠤᠯᠪᠣᠭᠳᠠᠯ ᠪᠦᠬᠦᠢ ᠠᠵᠤ | ᠠᠬᠤᠶᠢᠯᠠᠯ ᠠᠴᠠ ᠴᠠᠭ ᠲᠤᠬᠠᠢ ᠳᠤᠨᠢ ᠪᠠᠶᠢᠳᠠᠯ ᠢ ᠣᠶᠢᠯᠠᠭᠠᠵᠤ᠂ ᠣᠶᠢᠯᠠᠭᠠᠭᠰᠠᠨ ᠢᠶᠠᠷ᠂ ᠣᠳᠣᠬᠠᠨ ᠳᠤ ᠳᠤᠮᠳᠠᠳᠤ | ᠤᠯᠤᠰ ᠤᠨ ᠬᠠᠷᠢᠶ᠎ᠠ ᠲᠠᠢ 150 ᠰᠠᠥᠷᠢ ᠮᠠᠰᠢᠨ ᠲᠡᠷᠭᠡ ᠡᠷᠢᠶᠡᠨ ᠬᠤᠲᠠ ᠳᠤ ᠬᠢᠯᠢ ᠠᠯᠤᠰᠯᠠᠨ ᠵᠥᠭᠡᠭᠡᠪᠦᠷᠢᠯᠡᠵᠦ᠂ | ᠮᠣᠩᠭᠤᠯ ᠤᠨ ᠲᠠᠯ᠎ᠠ ᠶᠢᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠬᠤᠷᠢᠶᠠᠵᠠᠢ᠂ ᠪᠤᠰᠤᠳᠴᠢ | ᠲᠠᠯ᠎ᠠ ᠪᠠᠷ ᠳᠤᠮᠳᠠᠳᠤ ᠮᠣᠩᠭᠤᠯ ᠤᠨ ᠬᠠᠷᠢᠶᠠᠲᠤ ᠲᠡᠭᠡᠭᠡᠪᠦᠷᠢ ᠶᠢᠨ ᠲᠡᠷᠭᠡ ᠬᠥᠰᠬᠡ ᠶᠢᠨ ᠡᠷᠬᠡ ᠲᠡᠭᠰᠢ ᠪᠤᠰᠤ | ᠥᠷᠢᠰᠦᠯᠳᠦᠭᠡᠨ ᠢ ᠪᠣᠶ ᠪᠣᠯᠭᠠᠵᠠᠢ᠃ | ᠲᠣᠰ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ | ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠮᠣᠩᠭᠤᠯ ᠤᠨ ᠲᠠᠯ᠎ᠠ ᠶᠢᠨ ᠬᠢᠨ ᠲᠠᠢ ᠬᠠᠷᠢᠯᠴᠠᠵᠤ᠂ ᠮᠣᠩᠭᠤᠯ | ᠤᠯᠤᠰ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠵᠣᠯᠭᠠᠯᠳᠤᠭᠤᠯᠬᠤ ᠲᠣᠭᠲᠠᠴᠠ ᠶᠢ | ᠳᠠᠷᠦ᠋ᠢᠬᠠᠨ ᠡᠬᠢᠯᠡᠭᠦᠯᠵᠦ᠂ ᠡᠷᠢᠶᠡᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ | ᠮᠣᠩᠭᠤᠯ ᠤᠨ ᠲᠠᠯ᠎ᠠ ᠶᠢᠨ ᠬᠢᠨ ᠡᠷᠢᠶᠡᠨ ᠬᠤᠲᠠ ᠳᠤ ᠠᠵᠢᠯ ᠤᠨ ᠠᠭᠤᠯᠵᠠᠯᠲᠠ ᠬᠢᠪᠡ᠃ ᠠᠭᠤᠯᠵᠠᠯᠳᠠ ᠶᠢᠨ | ᠬᠤᠭᠤᠴᠠᠭᠠᠨ ᠳᠤ᠂ ᠳᠤᠮᠳᠠᠳᠤ ᠤᠯᠤᠰ ᠮᠣᠩᠭᠤᠯ ᠤᠯᠤᠰ ᠤᠨ ᠲᠠᠯ᠎ᠠ ᠳᠤ ᠳᠤᠮᠳᠠᠳᠤ ᠶᠢᠨ ᠲᠠᠯ᠎ᠠ ᠶᠢᠨ ᠠᠵᠤ | ᠠᠬᠤᠶᠢᠯᠠᠯ ᠤᠨ ᠵᠦᠶ ᠶᠣᠰᠣᠨ ᠤ ᠬᠦᠰᠡᠯ ᠱᠠᠭᠠᠷᠳᠠᠯᠭ᠎ᠠ ᠪᠠᠨ ᠮᠡᠳᠡᠭᠳᠡᠵᠦ᠂ ᠡᠷᠢᠶᠡᠨ ᠬᠤᠲᠠ ᠶᠢᠨ ᠪᠣᠭᠤᠮᠲᠠ ᠪᠠᠷ | ᠬᠢᠯᠢ ᠠᠴᠠ ᠭᠠᠷᠬᠤ ᠳᠤᠮᠳᠠᠳᠤ ᠤᠯᠤᠰ ᠤᠨ ᠬᠠᠷᠢᠶ᠎ᠠ ᠲᠠᠢ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠠᠴᠠ | 300 ᠲᠥᠭᠦᠷᠢᠭ / ᠰᠠᠥᠷᠢ ᠬᠤᠷᠢᠶᠠᠵᠤ ᠪᠠᠶᠢᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠬᠤᠷᠢᠶᠠᠬᠤ | ᠲᠤᠬᠠᠶ ᠰᠠᠨᠠᠭᠠᠴᠢᠯᠠᠭ᠎ᠠ ᠶᠢ ᠳᠤᠷᠠᠳᠤᠭᠰᠠᠨ ᠪᠥᠭᠡᠳ ᠡᠷᠬᠡ ᠲᠡᠭᠰᠢ ᠠᠳᠠᠯᠢ ᠲᠡᠭᠰᠢ ᠪᠠᠷ ᠬᠢᠯᠢ ᠠᠯᠤᠰᠯᠠᠭᠰᠠᠨ | ᠲᠡᠭᠡᠭᠡᠪᠦᠷᠢ ᠥᠷᠨᠢᠭᠦᠯᠵᠦ ᠪᠠᠶᠢᠭ᠎ᠠ ᠳᠤᠮᠳᠠᠳᠤ ᠮᠣᠩᠭᠤᠯ ᠤᠨ ᠡᠷᠡᠭᠦᠯ ᠲᠣᠭᠲᠠᠭᠤᠨ ᠠᠷᠠᠯᠵᠢᠶᠠᠨ ᠤ ᠬᠠᠷᠢᠴᠠᠭ᠎ᠠ ᠶᠢ | ᠠᠬᠢᠭᠤᠯᠬᠤ ᠶᠢᠨ ᠴᠢᠬᠤᠯᠠ ᠴᠢᠨᠠᠷ ᠢ ᠲᠤᠭ ᠲᠡᠮᠳᠡᠭ ᠲᠣᠳᠣᠷᠬᠠᠢ ᠪᠠᠷ ᠲᠣᠳᠣᠷᠬᠠᠶᠢᠯᠠᠵᠠᠢ᠃ ᠮᠣᠩᠭᠤᠯ ᠤᠨ | ᠲᠠᠯ᠎ᠠ ᠶᠢᠨ ᠬᠢᠨ ᠲᠡᠷᠡ ᠳᠠᠷᠤᠶ ᠳᠤᠨᠢ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠰᠠᠨᠠᠭᠠᠴᠢᠯᠠᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠠᠭᠠᠨ ᠪᠤᠴᠠᠭᠰᠠᠨ ᠤ ᠳᠠᠷᠠᠭ᠎ᠠ ᠬᠤᠯᠪᠣᠭᠳᠠᠯ ᠪᠦᠬᠦᠢ ᠲᠠᠯ᠎ᠠ ᠶᠢᠨ ᠬᠢᠨ ᠢ | ᠢᠳᠡᠪᠬᠢᠲᠡᠶ ᠵᠣᠬᠢᠴᠠᠭᠤᠯᠤᠨ ᠰᠤᠳᠤᠯᠤᠨ ᠰᠢᠢᠳᠪᠦᠷᠢᠯᠡᠨ᠎ᠡ ᠭᠡᠵᠦ ᠢᠯᠡᠷᠬᠡᠶᠢᠯᠡᠵᠡᠢ᠃ | ᠡᠨᠡ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠮᠣᠩᠭᠤᠯ ᠤᠨ | ᠲᠠᠯ᠎ᠠ ᠶᠢᠨ ᠠᠬᠢᠴᠠ ᠶᠢᠨ ᠪᠠᠶᠢᠳᠠᠯ ᠢ ᠢᠳᠡᠪᠬᠢᠲᠡᠶ ᠬᠥᠳᠡᠯᠦᠩᠭᠦᠶ ᠪᠠᠷ ᠮᠥᠷᠳᠡᠭᠰᠡᠨ ᠪᠥᠭᠡᠳ ᠮᠣᠩᠭᠤᠯ ᠤᠨ | ᠲᠠᠯ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠩᠭᠠᠭᠰᠠᠨ | ᠪᠠᠶᠢᠨ᠎ᠠ᠃ 2025 ᠣᠨ ᠤ 5 ᠳ᠋ᠤᠭᠠᠷ ᠰᠠᠷ᠎ᠠ ᠶᠢᠨ 20 ᠤ ᠡᠳᠦᠷ᠂ ᠮᠣᠩᠭᠤᠯ ᠤᠯᠤᠰ ᠤᠨ ᠬᠢᠯᠢ ᠶᠢᠨ | ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠵᠢᠩᠬᠢᠨᠢ ᠪᠠᠷ ᠮᠡᠳᠡᠭᠳᠡᠵᠦ᠂ ᠮᠣᠩᠭᠤᠯ ᠤᠯᠤᠰ ᠤᠨ ᠵᠠᠮ ᠤᠨ | ᠡᠭᠦᠳᠡ ᠬᠢᠯᠢ ᠶᠢᠨ ᠪᠣᠭᠤᠮᠲᠠ ᠳᠤ ᠳᠤᠮᠳᠠᠳᠤ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ | ᠲᠠᠲᠠᠪᠤᠷᠢᠯᠠᠭᠰᠠᠨ ᠣᠷᠴᠢᠨ ᠠᠬᠤᠶ ᠶᠢᠨ ᠬᠠᠮᠠᠭᠠᠯᠠᠯᠲᠠ ᠶᠢᠨ ᠭᠠᠶᠢᠯᠢ ᠶᠢ ᠬᠡᠯᠲᠦᠷᠢᠭᠦᠯᠵᠦ᠂ 2025 ᠣᠨ ᠤ 5 | ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠨᠡ ᠬᠦ ᠠᠷᠭ᠎ᠠ ᠬᠡᠮᠵᠢᠶ᠎ᠡ ᠨᠢ | ᠳᠣᠮᠲᠠᠴᠢ ᠪᠠᠷ ᠡᠳᠦᠷ ᠪᠦᠷᠢ 3 ᠳᠦᠮᠠᠨ ᠳᠦᠭᠦᠷᠢᠭ ᠤᠨ ᠡᠵᠠᠩᠨᠠᠯᠲᠠ ᠶᠢᠨ ᠦᠷᠲᠡᠭ ᠢ ᠪᠠᠭᠤᠷᠠᠭᠤᠯᠵᠤ᠂ | ᠳᠣᠮᠲᠠᠲᠤ ᠤᠯᠤᠰ ᠤᠨ ᠲᠠᠯ᠎ᠠ ᠶᠢᠨ ᠵᠦᠭᠡᠭᠡᠪᠤᠷᠢ ᠶᠢᠨ ᠠᠵᠤ ᠠᠬᠤᠢᠢᠯᠠᠯ ᠤᠨ ᠡᠭᠦᠷᠭᠡᠯᠠᠯ ᠢ ᠶᠠᠭᠡᠪᠡᠷ ᠬᠦᠩᠭᠡᠷᠡᠭᠦᠯᠪᠡ᠃ | | |