6 ᠳ᠋ᠤᠭᠠᠷ ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ | ᠬᠥᠭᠵᠢᠯᠲᠡ ᠶᠢ ᠵᠣᠯᠭᠠᠭᠤᠯᠬᠤ ᠠᠵᠢᠯᠯᠠᠭ᠎ᠠ ︵ᠥᠪᠥᠷ ᠮᠣᠩᠭᠤᠯ︶ ᠳᠡᠭᠡᠷ᠎ᠡ᠂ ᠰᠢᠨ᠎ᠡ ᠡᠨᠧᠷᠭᠢ ᠶᠢᠨ ᠲᠣᠨᠣᠭᠯᠠᠯ᠂ | ᠰᠢᠨ᠎ᠡ ᠮᠠᠲ᠋ᠧᠷᠢᠶᠠᠯ᠂ ᠣᠶᠤᠨᠴᠢ ᠪᠤᠳᠤᠯᠲᠠ ᠶᠢᠨ ᠴᠢᠳᠠᠪᠤᠷᠢ᠂ ᠳᠣᠣᠷ᠎ᠠ ᠠᠭᠠᠷ ᠤᠨ ᠠᠵᠤ ᠠᠬᠤᠢ ᠵᠡᠷᠭᠡ | ᠬᠦᠷᠢᠶᠡᠨ ᠤ 20 ᠲᠦᠷᠦᠯ ᠵᠦᠢᠯ ᠳᠤ ᠲᠥᠪᠯᠡᠷᠡᠭᠦᠯᠦᠨ ᠭᠡᠷ᠎ᠡ ᠲᠣᠭᠲᠠᠬᠤ ᠶᠢ ᠬᠠᠮᠤᠷᠪᠠ᠃ | ᠠᠳᠡ ᠬᠦᠷᠦᠭᠡᠳ᠂ ᠥᠪᠥᠷ ᠮᠣᠩᠭᠤᠯ ᠤᠨ ᠭᠡᠷ᠎ᠡ ᠲᠤᠭᠲᠠᠭᠰᠠᠨ ᠠᠵᠤ ᠦᠢᠯᠡᠳᠪᠦᠷᠢ ᠶᠢᠨ ᠬᠦᠷᠢᠶ᠎ᠡ | ᠴᠠᠷᠠᠭᠠᠨ ᠤ ᠠᠵᠤ ᠦᠢᠯᠡᠰ ᠤᠨ ᠰᠢᠯᠵᠢᠯᠲᠡ ᠶᠢᠨ ᠲᠥᠷᠥᠯ ᠵᠦᠢᠯ 110 ᠪᠤᠢ᠂ ᠪᠠᠰᠠ 36 ᠲᠥᠷᠥᠯ ᠵᠦᠢᠯ ᠢ | ᠶᠠᠭ ᠶᠠᠷᠢᠯᠴᠠᠵᠤ ᠪᠠᠶᠢᠨ᠎ᠠ᠂ ᠵᠢᠱᠢᠯᠲᠡ ᠪᠠᠷ ᠡᠨᠡ ᠵᠢᠯ ᠨᠠᠶᠢᠳᠠᠪᠤᠷᠢᠵᠢᠭᠤᠯᠬᠤ ᠪᠠᠷ ᠪᠠᠶᠢᠨ᠎ᠠ᠃ ᠡᠭᠦᠨ ᠳᠤ 50 | ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ 17 ᠪᠣᠢ᠃ ᠣᠶᠢᠯᠠᠭᠠᠭᠰᠠᠨ ᠢᠶᠠᠷ᠂ ᠡᠲᠡᠭᠡᠷ ᠲᠥᠷᠥᠯ | ᠵᠦᠢᠯ ᠨᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ | ᠪᠤᠳᠤᠯᠲᠠ ᠶᠢᠨ ᠬᠦᠴᠦᠨ᠂ ᠡᠨᠧᠷᠭᠢ ᠬᠠᠳᠠᠭᠠᠯᠠᠬᠤ᠂ ᠳᠤᠤᠷ᠎ᠠ ᠠᠭᠠᠷ ᠤᠨ ᠠᠵᠤ ᠠᠬᠤᠶ ᠵᠡᠷᠭᠡ ᠬᠦᠷᠢᠶᠡᠨ ᠳᠤ | ᠲᠥᠪᠯᠡᠷᠡᠵᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ᠂ | ᠰᠢᠨ᠎ᠡ ᠶᠠᠰᠤ ᠴᠢᠨᠠᠷ ᠤᠨ ᠬᠥᠭᠵᠢᠯᠲᠡ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ | |