ᠠᠵᠤ ᠦᠢᠯᠡᠰ ᠤᠨ ᠬᠥᠭᠵᠢᠯᠲᠡ — ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1.4 ᠳ᠋ᠦᠩᠰᠢᠭᠤᠷ ᠺᠢᠯᠤᠸᠠᠲ ᠢ ᠳᠠᠪᠠᠪᠠ
ᠨᠡᠶᠢᠲᠡᠯᠡᠭᠰᠡᠨ ᠴᠠᠭ᠄
2025/6/17
  ᠰᠤᠷᠪᠤᠯᠵᠢᠯᠠᠭᠴᠢ 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2025 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠶᠡᠷᠦᠩᠬᠡᠶ ᠤᠭᠰᠠᠷᠠᠬᠤ ᠮᠠᠰᠢᠨ ᠤ ᠬᠡᠮᠵᠢᠶ᠎ᠡ 14309 ᠲᠦᠮᠡᠨ ᠺᠢᠯᠣᠸᠠᠲ ᠲᠤ ᠬᠦᠷᠴᠦ᠂ ᠪᠥᠬᠦ ᠣᠷᠣᠨ ᠤ ᠴᠠᠬᠢᠯᠭᠠᠨ ᠬᠦᠴᠦᠨ ᠤ ᠶᠡᠷᠦᠩᠬᠡᠶ ᠤᠭᠰᠠᠷᠠᠬᠤ ᠮᠠᠰᠢᠨ ᠤ ᠬᠡᠮᠵᠢᠶᠡᠨ ᠤ 52% ᠢ ᠡᠵᠡᠯᠡᠵᠦ᠂ ᠪᠥᠬᠦ ᠣᠷᠣᠨ ᠤ ᠰᠢᠨ᠎ᠡ ᠡᠨᠧᠷᠭᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠥᠬᠦ ᠤᠯᠤᠰ ᠤᠨ ᠰᠢᠨ᠎ᠡ ᠡᠨᠧᠷᠭᠢ ᠶᠢᠨ ᠬᠥᠭᠵᠢᠯᠲᠡ ᠶᠢᠨ ᠳᠤᠮᠳᠠ ᠦᠷᠭᠦᠯᠵᠢᠯᠡᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠪᠠ᠃  ᠡᠨᠡ ᠵᠢᠯ ᠤᠨ 1 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1247 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.5% ᠪᠠᠷ ᠨᠡᠮᠡᠭᠳᠡᠨ᠂ ᠪᠥᠬᠦ ᠣᠷᠣᠨ ᠤ ᠶᠡᠷᠦᠩᠬᠡᠶ ᠴᠠᠬᠢᠯᠭᠠᠨ ᠭᠠᠷᠭᠠᠭᠰᠠᠨ ᠬᠡᠮᠵᠢᠶᠡᠨ ᠤ 36% ᠶᠢ ᠡᠵᠡᠯᠡᠪᠡ᠃ ᠡᠭᠦᠨ ᠳᠤ᠂ ᠪᠥᠬᠦ ᠣᠷᠣᠨ ᠤ ᠭᠠᠳᠠᠭᠰᠢ ᠬᠦᠷᠭᠡᠭᠰᠡᠨ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ 430 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62% ᠢᠶᠠᠷ ᠨᠡᠮᠡᠭᠳᠡᠪᠡ︔ ᠲᠣᠰ ᠭᠠᠵᠠᠷ ᠤᠨ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ 817 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.3% ᠪᠠᠷ ᠳᠡᠭᠡᠭᠰᠢᠯᠡᠪᠡ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠦᠷᠭᠡᠨ ᠠᠵᠢᠯᠯᠠᠬᠤ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠴᠠᠬᠢᠯᠭᠠᠨ ᠲᠣᠤᠷ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠢᠨᠠᠨ ᠵᠥᠪᠰᠢᠶᠡᠷᠡᠬᠦ ᠭᠠᠷᠳᠠᠮ ᠢ ᠳᠥᠭᠦᠮᠴᠢᠯᠡᠵᠦ᠂ ᠴᠠᠬᠢᠯᠭᠠᠨ ᠲᠣᠤᠷ ᠬᠢᠭᠡᠳ ᠴᠠᠬᠢᠯᠭᠠᠨ ᠡᠭᠦᠰᠭᠡᠭᠴᠢ ᠶᠢᠨ ᠲᠥᠷᠥᠯ ᠵᠦᠢᠯ ᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠪᠥᠲᠥᠭᠡᠨ ᠪᠠᠶᠢᠭᠤᠯᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠶᠡᠭᠡ ᠬᠥᠭᠵᠢᠯᠲᠡ ᠶᠢ ᠪᠡᠶᠡᠯᠡᠭᠦᠯᠪᠡ᠃ ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ︽ᠡᠯᠡᠰᠦ ᠭᠤᠪᠢ ᠠᠲᠠᠷ︾ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ᠂ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠥᠬᠦ ᠵᠢᠯ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 4000 ᠲᠦᠮᠡᠨ ᠺᠢᠯᠣᠸᠠᠲ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠶᠢ 1.7 ᠳ᠋ᠦᠩᠰᠢᠭᠤᠷ ᠺᠢᠯᠣᠸᠠᠲ ᠢ ᠳᠠᠪᠠᠭᠤᠯᠵᠤ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠴᠠᠬᠢᠯᠭᠠᠨ ᠤ ᠬᠡᠮᠵᠢᠶ᠎ᠡ ᠶᠢ 1000 ᠳ᠋ᠦᠩᠰᠢᠭᠤᠷ ᠺᠢᠯᠣᠸᠠᠲ ᠴᠠᠭ ᠠᠴᠠ ᠳᠠᠪᠠᠭᠤᠯᠬᠤ ᠶᠢ ᠦᠨᠡᠨ ᠬᠦ ᠪᠠᠲᠤᠯᠠᠨ᠎ᠠ᠃ ︵ᠰᠤᠷᠪᠤᠯᠵᠢᠯᠠᠭᠴᠢ ᠠᠨ ᠯᠦ     ᠮᠧᠩ︶ 
 
ᠢᠷᠡᠯᠲᠡ᠄ ᠰᠢᠨᠬᠤᠸᠠ ᠬᠤᠷᠢᠶᠠᠨ ᠤ ᠬᠡᠷᠡᠭᠯᠡᠭᠰᠡᠳ ᠤᠨ ᠦᠵᠦᠭᠦᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号