ᠬᠤᠳᠠᠯᠳᠣᠭᠠᠴᠢᠨ ᠤᠷᠢᠬᠤ ᠦᠷ᠎ᠡ ᠪᠦᠲᠦᠮᠵᠢ — ᠬᠤᠳᠠᠯᠳᠣᠭᠠᠴᠢᠨ ᠤᠷᠢᠬᠤ ᠡᠯᠴᠢᠨ ᠰᠠᠶᠢᠳ ᠵᠠᠭᠤᠴᠢ ᠪᠤᠯᠵᠦ  ᠥᠪᠥᠷ ᠮᠣᠩᠭᠤᠯ ᠤᠨ ᠬᠤᠳᠠᠯᠳᠣᠭᠠᠴᠢᠨ ᠤᠷᠢᠵᠤ ᠪᠡᠯᠡ ᠤᠷᠤᠭᠤᠯᠬᠤ ᠣᠯᠠᠨ ᠬᠦᠷᠢᠶ᠎ᠡ ᠴᠠᠷᠠᠭ᠎ᠠ ᠳᠤ ᠠᠮᠵᠢᠯᠲᠠ ᠣᠯᠵᠠᠶ
ᠨᠡᠶᠢᠲᠡᠯᠡᠭᠰᠡᠨ ᠴᠠᠭ᠄
2025/6/18
  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠡᠬᠢ ᠪᠤᠯᠠᠭ ᠮᠥᠨ᠂ ᠠᠵᠤ ᠦᠢᠯᠡᠰ ᠤᠨ ᠪᠤᠶᠢᠵᠢᠯᠲᠠ ᠶᠢᠨ ︽ᠲᠦᠷᠭᠡᠳᠬᠡᠭᠦᠷ︾ ᠮᠥᠨ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠴᠠᠷᠠᠭᠠᠨ ᠤ ᠠᠵᠢᠯᠯᠠᠭ᠎ᠠ ᠪᠠᠶᠢᠨ ᠳᠠᠬᠢᠨ ᠶᠠᠪᠤᠭᠳᠠᠵᠤ᠂ ᠥᠪᠥᠷ ᠮᠣᠩᠭᠤᠯ ᠤᠨ ᠣᠨᠳᠣᠣ ᠭᠠᠵᠠᠷ ᠤᠨ ᠬᠤᠳᠠᠯᠳᠤᠭᠠᠴᠢᠳ ᠤᠨ ᠡᠪᠯᠡᠯ᠂ ᠭᠠᠳᠠᠷ ᠣᠷᠣᠨ ᠤ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠳᠤ ᠬᠤᠳᠠᠯᠳᠣᠭᠠᠴᠢᠨ ᠤᠷᠢᠬᠤ ᠡᠯᠴᠢᠨ ᠰᠠᠶᠢᠳ ᠤᠨ ᠴᠣᠯᠠ ᠣᠯᠭᠤᠵᠤ᠂ ᠬᠤᠳᠠᠯᠳᠣᠭᠠᠴᠢᠨ ᠤᠷᠢᠬᠤ ᠡᠯᠴᠢᠨ ᠰᠠᠶᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠴᠢᠬᠤᠯᠠ ᠶᠡᠭᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃  ᠡᠨᠡ ᠵᠢᠯ ᠠᠴᠠ ᠨᠠᠭᠠᠰᠢ᠂ ᠰᠢᠨ᠎ᠡ ᠮᠠᠲ᠋ᠧᠷᠢᠶᠠᠯ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠴᠠ ᠲᠠᠷᠢᠶᠠᠯᠠᠩ ᠤᠨ ᠠᠵᠤ ᠦᠢᠯᠡᠰᠵᠢᠭᠰᠡᠨ ᠬᠥᠭᠵᠢᠯᠲᠡ ᠬᠦᠷᠲᠡᠯ᠎ᠡ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠴᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠬᠦᠷᠲᠡᠯ᠎ᠡ᠂ ᠥᠪᠥᠷ ᠮᠣᠩᠭᠤᠯ ᠡᠯ᠎ᠡ ᠭᠠᠵᠠᠷ ᠤᠨ ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ ᠤᠷᠢᠬᠤ ᠡᠯᠴᠢᠨ ᠰᠠᠶᠢᠳ ᠤᠨ ᠬᠥᠭᠦᠷᠭᠡ ᠬᠤᠯᠪᠣᠭᠠᠰᠤ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠪᠠᠷ ᠳᠠᠮᠵᠢᠭᠤᠯᠤᠨ᠂ ᠰᠢᠨ᠎ᠡ ᠪᠠᠷ ᠬᠥᠭᠵᠢᠭᠰᠡᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ᠂ ᠣᠨᠴᠠᠯᠢᠭᠲᠤ ᠠᠵᠤ ᠦᠢᠯᠡᠰ ᠪᠠ ᠠᠷᠠᠳ ᠤᠨ ᠠᠮᠢᠳᠤᠷᠠᠯ ᠤᠨ ᠲᠥᠷᠥᠯ ᠵᠦᠢᠯ ᠵᠡᠷᠭᠡ ᠣᠯᠠᠨ ᠬᠦᠷᠢᠶᠡᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃  ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠥᠪᠥᠷ ᠮᠣᠩᠭᠤᠯ ᠤᠨ ᠡᠯ᠎ᠡ ᠭᠠᠵᠠᠷ ᠤᠨ ᠬᠤᠳᠠᠯᠳᠤᠭᠠᠴᠢᠳ ᠤᠨ ᠡᠪᠯᠡᠯ ᠠᠯᠢ ᠣᠯᠠᠨ ᠬᠠᠮᠲᠤᠷᠠᠯᠴᠠᠭᠠᠨ ᠤ ᠲᠥᠷᠥᠯ ᠵᠦᠢᠯ ᠢ ᠠᠬᠢᠭᠤᠯᠪᠠ᠃ ᠡᠭᠦᠨ ᠳᠤ᠂ ᠥᠪᠥᠷ ᠮᠣᠩᠭᠤᠯ ᠤᠨ ᠵᠧᠵᠢᠶᠠᠩ ᠤᠨ ᠬᠤᠳᠠᠯᠳᠤᠭᠠᠴᠢᠳ ᠤᠨ ᠡᠪᠯᠡᠯ ᠢ ᠣᠷᠣᠭᠤᠯᠤᠨ ᠠᠪᠴᠢᠷᠠᠬᠤ ᠪᠠᠷ ᠳᠡᠮᠵᠢᠨ᠂ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠢᠭᠡᠳ ᠵᠧᠵᠢᠶᠠᠩ ᠤᠨ ᠰᠢᠨ ᠷᠦᠢ ᠯᠢ ᠮᠠᠰᠢᠨ ᠲᠡᠷᠭᠡ ᠲᠣᠬᠢᠷᠠᠭᠤᠯᠬᠤ ᠬᠢᠵᠠᠭᠠᠷᠲᠤ ᠺᠣᠮᠫᠠᠨᠢ ᠬᠠᠮᠲᠤᠪᠠᠷ ᠪᠠᠯᠠ ᠭᠠᠷᠭᠠᠵᠤ ᠬᠥᠬᠡᠬᠤᠲᠠ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠰᠢᠨ ᠷᠦᠢ ᠯᠢ ᠮᠠᠰᠢᠨ ᠲᠡᠷᠭᠡ ᠲᠣᠬᠢᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠵᠤ᠂ ᠲᠤᠬᠠᠶ ᠶᠢᠨ ᠭᠠᠵᠠᠷ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠤ ᠰᠡᠯᠪᠢᠭ ᠲᠤᠨᠤᠭ ᠤᠨ ᠬᠠᠩᠭᠠᠯᠭ᠎ᠠ ᠪᠠ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠭᠰᠠᠨ ᠪᠠᠶᠢᠨ᠎ᠠ᠃ ᠡᠭᠦᠨ ᠤ ᠬᠠᠮᠲᠤ᠂ ᠪᠡᠭᠡᠵᠢᠩ ᠥᠪᠥᠷ ᠮᠣᠩᠭᠤᠯ ᠤᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠬᠢᠨ ᠱᠤᠸᠠᠩ ᠵᠢᠶᠧ ᠴᠠᠬᠢᠯᠭᠠᠨ ᠤ ᠪᠦᠯᠦᠭᠯᠡᠯ ᠤᠨ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠳᠤ ᠬᠦᠴᠦ ᠨᠡᠮᠡᠷᠢᠯᠡᠵᠦ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠨ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃  ᠣᠨᠴᠠᠯᠢᠭᠲᠤ ᠠᠵᠤ ᠦᠢᠯᠡᠰ ᠪᠣᠯᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠲᠠᠯ᠎ᠠ ᠪᠠᠷ᠂ ᠵᠢᠶᠠᠩᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠣᠷᠣᠭᠤᠯᠤᠭᠰᠠᠨ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠭᠠᠭ᠋ᠠᠶ ᠲᠡᠵᠢᠭᠡᠨ ᠦᠷᠡᠵᠢᠭᠦᠯᠬᠦ ᠲᠥᠷᠥᠯ ᠵᠦᠢᠯ ᠲᠦᠷᠦᠭᠦᠤ ᠬᠤᠭᠤᠴᠠᠭᠠᠨ ᠤ ᠶᠡᠷᠦᠩᠬᠡᠶ ᠪᠠᠯᠠ ᠣᠷᠣᠭᠤᠯᠤᠯᠲᠠ ᠨᠢ 9300 ᠲᠦᠮᠡᠨ ᠲᠥᠭᠦᠷᠢᠭ ᠪᠠᠶᠢᠵᠤ᠂ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠣᠯᠤᠨ᠎ᠠ᠃ ᠲᠢᠶᠠᠨᠵᠢᠨ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠣᠷᠣᠭᠤᠯᠤᠨ ᠠᠪᠴᠢᠷᠠᠭᠰᠠᠨ ᠥᠪᠥᠷ ᠮᠣᠩᠭᠤᠯ ᠤᠨ ᠤᠷᠠᠳ ᠤᠨ ᠬᠤᠶᠢᠲᠦ ᠬᠤᠰᠢᠭᠤᠨ ᠤ ︽ᠨᠢᠭᠤᠴᠠ ᠶᠢ ᠬᠠᠶᠢᠬᠤ · ᠮᠤᠨᠢ ᠠᠭᠤᠯᠠ ᠶᠢᠨ ᠭᠤᠣᠯ ᠰᠡᠳᠦᠪᠲᠦ ᠰᠣᠶᠣᠯ ᠤᠨ ᠵᠡᠭᠡᠯᠢ︾ ᠲᠥᠷᠥᠯ ᠵᠦᠢᠯ ᠨᠢ ᠲᠤᠬᠠᠢ ᠶᠢᠨ ᠭᠠᠵᠠᠷ ᠤᠨ ᠣᠨᠴᠠᠯᠢᠭᠲᠤ ᠰᠣᠶᠣᠯ ᠢ ᠠᠭᠤᠳᠠᠯᠬᠤ ᠪᠠ ᠳᠡᠯᠭᠡᠨ ᠦᠵᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠤᠨ᠎ᠠ᠃ ᠱᠠᠨᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠭᠰᠠᠨ ᠥᠪᠥᠷ ᠮᠣᠩᠭᠤᠯ ᠤᠨ ᠳᠠᠯᠠᠳ ᠬᠤᠰᠢᠭᠤᠨ ᠤ ᠬᠤᠵᠢᠷᠯᠢᠭ ᠭᠠᠵᠠᠷ ᠢ ᠵᠠᠰᠠᠬᠤ ᠵᠢᠱᠢᠶ᠎ᠡ ᠦᠵᠡᠭᠦᠯᠬᠦ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯᠤᠨ᠎ᠠ᠃  ᠪᠡᠯᠡ ᠣᠷᠣᠭᠤᠯᠤᠯᠲᠠ ᠶᠢᠨ ᠬᠡᠪᠴᠢᠶ᠎ᠡ ᠠᠴᠠ ᠠᠪᠴᠤ ᠦᠵᠡᠪᠡᠯ᠂ ᠣᠯᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ ᠨᠢ ᠨᠡᠯᠢᠶᠡᠳ ᠰᠠᠶᠢᠨ ᠪᠠᠶᠢᠨ᠎ᠠ᠃ ᠯᠢᠶᠣᠤᠨᠢᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠣᠷᠣᠭᠤᠯᠤᠨ ᠠᠪᠴᠢᠷᠠᠭᠰᠠᠨ ᠣᠩᠨᠢᠭᠤᠳ ᠬᠤᠰᠢᠭᠤᠨ ᠤ ᠤᠣ ᠮᠸᠢ ᠱᠧᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠲᠡ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠲᠤᠬᠠᠶ ᠶᠢᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠬᠦᠴᠦᠲᠡᠶ ᠳᠥᠯᠭᠢᠨ ᠠᠬᠢᠭᠤᠯᠬᠤ ᠪᠠᠷ ᠪᠣᠶ᠃ ᠭᠤᠸᠠᠩᠳᠦ᠋ᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠣᠷᠣᠭᠤᠯᠤᠨ ᠠᠪᠴᠢᠷᠠᠭᠰᠠᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 100 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠢ ᠪᠠᠰᠠ ᠬᠤᠭᠤᠴᠠᠭ᠎ᠠ ᠬᠤᠪᠢᠶᠠᠨ ᠪᠠᠯᠠ ᠣᠷᠣᠭᠤᠯᠬᠤ ᠪᠠᠷ ᠲᠣᠭᠲᠠᠪᠠ᠃ ᠡᠭᠦᠨ ᠠᠴᠠ ᠭᠠᠳᠠᠨ᠎ᠠ᠂ ᠰᠧᠴᠤᠸᠠᠨ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠡᠯᠰᠡᠭᠰᠡᠨ ᠬᠥᠬᠡᠬᠤᠲᠠ ᠶᠢᠨ ᠵᠢᠯᠣᠭᠤᠴᠢ ᠥᠬᠡᠶ ᠨᠢᠰᠬᠡᠯ ᠤᠨ ᠲᠥᠷᠥᠯ ᠵᠦᠢᠯ ᠨᠢ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠥᠪᠥᠷ ᠮᠣᠩᠭᠤᠯ ᠤᠨ ᠵᠢᠯᠣᠭᠤᠴᠢ ᠥᠬᠡᠶ ᠨᠢᠰᠬᠡᠯ ᠤᠨ ᠬᠦᠷᠢᠶᠡᠨ ᠳᠠᠬᠢ ᠬᠥᠭᠵᠢᠯᠲᠡ ᠳᠤ ᠬᠦᠴᠦᠨ ᠨᠡᠮᠡᠷᠢᠯᠡᠪᠡ᠃  ᠬᠤᠳᠠᠯᠳᠤᠭᠠᠴᠢᠨ ᠤᠷᠢᠬᠤ ᠡᠯᠴᠢᠨ ᠰᠠᠶᠢᠳ ᠤᠨ ᠢᠳᠡᠪᠬᠢᠲᠡᠶ ᠴᠢᠷᠮᠠᠶᠢᠯᠭ᠎ᠠ ᠪᠠᠷ ᠡᠯ᠎ᠡ ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ ᠤᠷᠢᠬᠤ ᠦᠷ᠎ᠡ ᠪᠦᠲᠦᠭᠡᠯ ᠭᠢᠯᠠᠰ ᠴᠡᠭ ᠣᠯᠠᠨ ᠢᠯᠡᠷᠡᠵᠦ ᠪᠠᠶᠢᠨ᠎ᠠ᠃ ᠪᠡᠭᠡᠵᠢᠩ ᠬᠤᠲᠠ ᠶᠢᠨ ᠥᠪᠥᠷ ᠮᠣᠩᠭᠤᠯ ᠤᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠪᠣᠬᠢᠷᠲᠤᠯ ᠥᠬᠡᠶ ᠡᠨᠧᠷᠭᠢ ᠪᠠ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠲᠤ ᠴᠢᠭᠯᠡᠭᠦᠯᠦᠨ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ 1 ᠲᠥᠷᠥᠯ ᠵᠦᠢᠯ᠂ 3 ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠷᠥᠯ ᠵᠦᠢᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠪᠠ︔ ᠭᠤᠸᠠᠩᠳᠦ᠋ᠩ ᠮᠤᠵᠢ᠂ ᠭᠤᠸᠠᠩᠵᠧᠦ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ ᠤᠷᠢᠬᠤ ᠡᠯᠴᠢᠨ ᠰᠠᠶᠢᠳ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ 8 ᠰᠢᠨ᠎ᠡ ᠡᠨᠧᠷᠭᠢ ᠶᠢᠨ ᠲᠥᠷᠥᠯ ᠵᠦᠢᠯ ᠤᠨ ᠰᠦᠪᠡᠭᠴᠢ ᠶᠢ ᠠᠪᠴᠢᠷᠠᠵᠤ ᠥᠭᠴᠡᠶ᠂ ᠡᠭᠦᠨ ᠳᠤ 2 ᠲᠥᠷᠥᠯ ᠵᠦᠢᠯ ᠨᠢ ᠨᠢᠭᠡᠨᠲᠡ ᠠᠮᠵᠢᠯᠲᠠ ᠲᠠᠢ ᠪᠠᠷ ᠭᠡᠷ᠎ᠡ ᠲᠣᠭᠲᠠᠵᠤ᠂ ᠱᠠᠩᠬᠠᠶ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠴᠢᠨᠠᠷ ᠰᠠᠶᠢᠲᠠᠶ ᠡᠬᠢ ᠪᠠᠶᠠᠯᠢᠭ ᠲᠠᠢ ᠢᠳᠡᠪᠬᠢᠲᠡᠶ ᠵᠣᠯᠭᠠᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠪᠠ︔ ᠱᠠᠨᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠨᠢ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠠᠭᠤᠷᠬᠠᠢ ᠶᠢᠨ ᠭᠠᠷᠤᠯᠲᠠ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠤᠰᠤᠲᠥ᠋ᠷᠥᠭᠴᠢ ᠡᠨᠧᠷᠭᠢ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠣᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠤᠶᠠᠯᠳᠤᠭᠤᠯᠬᠤ ᠲᠠᠯ᠎ᠠ ᠪᠠᠷ ᠦᠷᠭᠦᠯᠵᠢᠯᠡᠨ ᠭᠦᠨ ᠬᠠᠭᠠᠯᠪᠤᠷᠢᠯᠠᠵᠤ᠂ 5 ᠴᠢᠬᠤᠯᠠ ᠶᠡᠭᠡ ᠲᠦᠷᠦᠯ ᠵᠦᠢᠯ ᠤᠨ ᠭᠡᠷ᠎ᠡ ᠲᠣᠭᠲᠠᠬᠤ ᠶᠢ ᠠᠮᠵᠢᠯᠲᠠ ᠲᠠᠢ ᠠᠬᠢᠭᠤᠯᠪᠠ︔ ᠰᠧᠴᠤᠸᠠᠨ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠨᠢ ᠰᠧᠴᠤᠸᠠᠨ ᠴᠦᠩᠴᠢᠩ ᠤᠨ ᠣᠨᠴᠠᠯᠢᠭ ᠲᠠᠢ ᠤᠶᠠᠯᠳᠤᠭᠤᠯᠤᠨ᠂ ᠰᠣᠶᠣᠯ ᠵᠢᠭᠤᠯᠴᠢᠯᠠᠯ᠂ ᠲᠠᠷᠢᠶᠠᠯᠠᠩ᠂ ᠠᠮᠢᠳᠤ ᠪᠣᠳᠠᠰ ᠤᠨ ᠢᠰᠬᠡᠯᠲᠡ ᠵᠡᠷᠭᠡ ᠬᠦᠷᠢᠶᠡᠨ ᠳᠤ 3 ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ︔ ᠯᠢᠶᠣᠤᠨᠢᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠨᠢ ᠠᠮᠢᠳᠤ ᠪᠣᠳᠠᠰ ᠤᠨ ᠡᠮ ᠡᠮᠨᠡᠯᠭᠡ᠂ ᠲᠡᠭ ᠨᠡᠭᠦᠷᠡᠰᠦᠲᠥ᠋ᠷᠥᠭᠴᠢ ᠶᠢᠨ ᠵᠠᠮ ᠬᠠᠷᠢᠯᠴᠠᠭ᠎ᠠ ᠵᠡᠷᠭᠡ ᠬᠤᠰᠢᠭᠤᠷᠠᠯ ᠬᠦᠷᠢᠶᠡᠨ ᠳᠤ ᠤᠨᠢᠨ ᠳᠡᠭᠡᠷ᠎ᠡ ᠨᠢ ᠬᠦᠴᠦᠯᠡᠵᠦ᠂ 1 ᠲᠦᠷᠦᠯ ᠵᠦᠢᠯ ᠢ ᠣᠷᠣᠭᠤᠯᠤᠨ ᠠᠪᠴᠢᠷᠠᠪᠠ᠃  ᠣᠶᠢᠯᠠᠭᠠᠭᠰᠠᠨ ᠢᠶᠠᠷ᠂ 2025 ᠣᠨ ᠤ 1 — 5 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ 15 ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ ᠤᠷᠢᠬᠤ ᠡᠯᠴᠢᠨ ᠰᠠᠶᠢᠳ ᠨᠡᠶᠢᠲᠡ 87 ᠬᠤᠳᠠᠯᠳᠤᠭᠠᠴᠢᠨ ᠤᠷᠢᠬᠤ ᠰᠦᠪᠡᠭᠴᠢ ᠬᠠᠩᠭᠠᠵᠤ᠂ ᠡᠭᠦᠨ ᠳᠤ 57 ᠰᠠᠨᠠᠮᠵᠢ ᠲᠠᠢ ᠭᠡᠷ᠎ᠡ ᠲᠣᠭᠲᠠᠵᠤ᠂ 25 ᠭᠡᠷ᠎ᠡ ᠲᠣᠭᠲᠠᠬᠤ ᠶᠢ ᠠᠬᠢᠭᠤᠯᠵᠤ᠂ ᠪᠠᠯᠠ ᠣᠷᠣᠭᠤᠯᠤᠯᠲᠠ ᠶᠢᠨ ᠬᠦᠷᠢᠶᠡᠨ ᠳᠤ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠤᠤᠷ᠎ᠠ ᠠᠭᠠᠷ ᠤᠨ ᠠᠵᠤ ᠠᠬᠤᠶ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠳᠤ ᠬᠤᠯᠪᠣᠭᠳᠠᠵᠤ᠂ ᠥᠪᠥᠷ ᠮᠣᠩᠭᠤᠯ ᠤᠨ ᠠᠵᠤ ᠦᠢᠯᠡᠰ ᠤᠨ ᠲᠠᠰ ᠳᠡᠪᠰᠢᠬᠦ ᠪᠠ ᠠᠵᠤ ᠠᠬᠤᠶ ᠶᠢᠨ ᠣᠯᠠᠨ ᠡᠰᠢᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ︵ᠾᠧᠦ ᠴᠢᠶᠠᠨ᠂ ᠵᠠᠩ ᠬᠤᠤ ᠲᠢᠶᠠᠨ︶ 
 
ᠢᠷᠡᠯᠲᠡ᠄ ᠰᠢᠨᠬᠤᠸᠠ ᠲᠣᠷᠭᠠᠨ ᠵᠠᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号