ᠲᠥᠷᠥᠯ ᠵᠦᠢᠯ ᠢ ᠨᠠᠶᠢᠳᠠᠪᠤᠷᠢᠵᠢᠭᠤᠯᠪᠠ — ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠬᠦᠷᠦᠭᠰᠡᠨ ᠥᠪᠥᠷ ᠮᠣᠩᠭᠤᠯ ᠤᠨ ᠾᠧ ᠫᠦ᠋ ᠡᠮ ᠤᠨ ᠦᠢᠯᠡᠰ ᠤᠨ ᠡᠮ ᠤᠨ ᠦᠢᠯᠡᠳᠪᠦᠷᠢᠯᠡᠯ ᠤᠨ ᠲᠥᠪ ᠤᠨ ᠲᠥᠷᠥᠯ ᠵᠦᠢᠯ ᠬᠥᠬᠡᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠰᠠᠭᠤᠷᠢᠰᠢᠪᠠ
ᠨᠡᠶᠢᠲᠡᠯᠡᠭᠰᠡᠨ ᠴᠠᠭ᠄
2025/6/19
  6 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︵ᠳᠣᠷᠣᠭᠰᠢ ︽ᠬᠥᠬᠡᠬᠤᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ︾ ᠭᠡᠵᠦ ᠲᠣᠪᠴᠢᠯᠠᠨ᠎ᠠ︶ ᠨᠢ ᠱᠠᠩᠬᠠᠶ ᠶᠢᠨ ᠾᠧ ᠫᠦ᠋ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠣᠯᠬᠤ ᠥᠪᠥᠷ ᠮᠣᠩᠭᠤᠯ ᠤᠨ ᠾᠧ ᠫᠦ᠋ ᠡᠮ ᠤᠨ ᠦᠢᠯᠡᠰ ᠤᠨ ᠡᠮ ᠤᠨ ᠦᠢᠯᠡᠳᠪᠦᠷᠢᠯᠡᠯ ᠤᠨ ᠲᠥᠪ ᠤᠨ ᠲᠥᠷᠥᠯ ᠵᠦᠢᠯ ᠨᠢ ᠬᠥᠬᠡᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠰᠠᠷᠠᠴᠢᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠠᠭᠤᠷᠢᠰᠢᠪᠠ᠃  ᠬᠥᠬᠡᠬᠤᠲᠠ ᠶᠢᠨ ᠠᠵᠤ ᠠᠬᠤᠢ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠢᠲᠡᠷ ᠭᠡᠷ᠎ᠡ ᠲᠣᠭᠲᠠᠬᠤ ᠶᠢ ᠭᠡᠷᠡᠴᠢᠯᠡᠵᠦ᠂ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠠᠨ ᠴᠠᠩ ᠴᠢᠩ ᠲᠥᠯᠥᠭᠡᠯᠡᠭᠴᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠲᠥᠯᠥᠭᠡᠯᠡᠨ ᠠᠵᠤ ᠠᠬᠤᠶᠢᠯᠠᠯ ᠲᠠᠢ ᠭᠡᠷ᠎ᠡ ᠲᠣᠭᠲᠠᠪᠠ᠃  ᠥᠪᠥᠷ ᠮᠣᠩᠭᠤᠯ ᠤᠨ ᠾᠧ ᠫᠦ᠋ ᠡᠮ ᠤᠨ ᠦᠢᠯᠡᠰ ᠤᠨ ᠡᠮ ᠤᠨ ᠦᠢᠯᠡᠳᠪᠦᠷᠢᠯᠡᠯ ᠤᠨ ᠲᠥᠪ ᠤᠨ ᠲᠥᠷᠥᠯ ᠵᠦᠢᠯ ᠳᠤ ᠤᠯᠤᠰ ᠤᠨ ᠳᠣᠲᠣᠭᠠᠳᠤ ᠶᠢᠨ ᠲᠡᠷᠢᠭᠦᠨ ᠤ ᠪᠦᠲ᠋ᠢᠯ ᠬᠦᠴᠢᠯ ᠤᠨ ᠬᠠᠭᠰᠠᠪᠤᠷᠢ ᠪᠠᠷ ᠡᠮᠨᠡᠨ ᠵᠠᠰᠠᠬᠤ ᠡᠮ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠭᠤᠷᠪᠠᠨ ᠱᠠᠲᠤ ᠬᠤᠪᠢᠶᠠᠨ ᠬᠡᠷᠡᠭᠵᠢᠭᠦᠯᠦᠨ᠎ᠡ᠄ 2026 ᠣᠨ ᠤ 9 ᠳ᠋ᠦ᠋ᠭᠡᠷ ᠰᠠᠷ᠎ᠠ ᠳᠤ ᠦᠢᠯᠡᠳᠪᠦᠷᠢ ᠶᠢᠨ ᠲᠠᠰᠤᠭ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠵᠢᠴᠢ ᠲᠥᠬᠦᠭᠡᠷᠦᠮᠵᠢ ᠶᠢ ᠳᠣᠭᠢᠷᠠᠭᠤᠯᠤᠨ ᠲᠤᠷᠰᠢᠬᠤ ᠶᠢ ᠪᠡᠶᠡᠯᠡᠭᠦᠯᠵᠦ᠂ 2027 ᠣᠨ ᠤ 9 ᠳ᠋ᠦ᠋ᠭᠡᠷ ᠰᠠᠷ᠎ᠠ ᠳᠤ ᠮᠡᠷᠭᠡᠵᠢᠯ ᠤᠨ ᠰᠢᠯᠵᠢᠯᠲᠡ ᠪᠠ ᠤᠷ᠎ᠠ ᠮᠡᠷᠭᠡᠵᠢᠯ ᠤᠨ ᠰᠢᠯᠭᠠᠨ ᠪᠠᠲᠤᠯᠠᠯᠲᠠ ᠶᠢ ᠪᠡᠶᠡᠯᠡᠭᠦᠯᠵᠦ᠂ 2028 ᠣᠨ ᠤ 9 ᠳ᠋ᠦ᠋ᠭᠡᠷ ᠰᠠᠷ᠎ᠠ ᠳᠤ ᠡᠮ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠵᠥᠪᠰᠢᠶᠡᠷᠡᠯ ᠢᠶᠠᠷ ᠳᠡᠮᠵᠢᠨ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠎ᠠ᠃ ᠲᠥᠷᠥᠯ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠨᠢ 4500 ᠲᠦᠮᠡᠨ ᠲᠥᠭᠦᠷᠢᠭ ᠲᠤ ᠬᠦᠷᠴᠦ᠂ ᠾᠧ ᠫᠦ᠋ ᠡᠮ ᠤᠨ ᠦᠢᠯᠡᠰ ᠤᠨ ᠭᠤᠤᠯ ᠦᠢᠯᠡᠳᠬᠦᠨ — ᠪᠥᠬᠦ ᠪᠥᠮᠪᠥᠷᠴᠡᠭ ᠤᠨ ᠬᠤᠶᠠᠳᠤᠭᠠᠷ ᠵᠤᠷᠪᠤᠰ ᠤᠨ HBV/HDV ᠬᠤᠷᠢᠭᠯᠠᠯᠲᠠ ᠶᠢᠨ ᠨᠠᠶᠢᠷᠠᠯᠭ᠎ᠠ ᠶᠢᠨ ︽ᠡᠾᠧ ᠫᠦ᠋ ᠯᠠ ᠲᠠᠢ︾ ᠳᠤ ᠣᠷᠣᠵᠤ᠂ ᠪᠠᠶᠢᠭᠤᠯᠤᠭᠰᠠᠨ ᠤ ᠳᠠᠷᠠᠭ᠎ᠠ ᠵᠢᠯ ᠳᠤ 5000 ᠲᠦᠮᠡᠨ ᠬᠠᠭᠤᠷᠠᠢ ᠨᠣᠨᠳᠠᠭ ᠤᠨ ᠵᠡᠭᠦᠯᠭᠡᠬᠦ ᠨᠠᠶᠢᠷᠠᠯᠭ᠎ᠠ ᠶᠢᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠳᠤᠮᠳᠠᠳᠤ ᠤᠯᠤᠰ᠂ ᠮᠣᠩᠭᠤᠯ ᠵᠢᠴᠢ ᠳᠤᠮᠳᠠᠳᠤ ᠠᠽᠢᠶ᠎ᠠ ᠶᠢᠨ ᠭᠠᠵᠠᠷ ᠣᠷᠣᠨ ᠤ ᠪᠦᠲ᠋ᠢᠯ ᠬᠦᠴᠢᠯ ᠤᠨ ᠬᠠᠭᠰᠠᠪᠤᠷᠢ ᠪᠠᠷ ᠡᠮᠨᠡᠨ ᠵᠠᠰᠠᠬᠤ ᠬᠡᠷᠡᠭᠴᠡᠭᠡ ᠶᠢ ᠭᠤᠤᠯᠳᠠᠯᠭ᠎ᠠ ᠲᠠᠢ ᠬᠠᠩᠭᠠᠵᠤ᠂ ᠵᠢᠱᠢᠯᠲᠡ ᠪᠠᠷ 2028 ᠣᠨ ᠳᠤ ᠪᠦᠬᠦᠯᠢ ᠵᠢᠯ ᠤᠨ ᠦᠢᠯᠡᠳᠪᠦᠷᠢᠯᠡᠯ ᠤᠨ ᠥᠷᠲᠡᠭ ᠨᠢ 50 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ ᠪᠠᠷᠤᠭ 5 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠬᠤ ᠪᠣᠯᠤᠨ᠎ᠠ᠃  ᠲᠣᠰ ᠲᠥᠷᠥᠯ ᠵᠦᠢᠯ ᠢ ᠪᠠᠶᠢᠭᠤᠯᠤᠨ ᠨᠠᠶᠢᠳᠠᠪᠤᠷᠢᠵᠢᠭᠤᠯᠤᠭᠰᠠᠨ ᠨᠢ ᠬᠥᠬᠡᠬᠤᠲᠠ ᠶᠢᠨ ᠠᠵᠤ ᠠᠬᠤᠶ ᠶᠢᠨ ᠨᠡᠭᠡᠭᠡᠨ ᠬᠥᠭᠵᠢᠭᠦᠯᠬᠦ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠯᠡᠯ ᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠬᠥᠬᠡᠬᠤᠲᠠ ᠶᠢᠨ ᠰᠢᠨ᠎ᠡ ᠠᠵᠤ ᠠᠬᠤᠶ ᠶᠢᠨ ᠨᠡᠮᠡᠭᠳᠡᠯ ᠤᠨ ᠴᠡᠭ ᠢ ᠪᠤᠶᠢᠵᠢᠭᠤᠯᠬᠤ ᠶᠢᠨ ᠬᠠᠮᠲᠤ ︽ᠨᠢᠭᠡ ᠪᠦᠰᠡ ᠨᠢᠭᠡ ᠵᠠᠮ︾ ᠤᠨ ᠵᠠᠬ᠎ᠠ ᠳᠡᠯᠭᠡᠭᠦᠷ ᠢ ᠥᠷᠭᠡᠳᠬᠡᠬᠦ ᠪᠠᠷ  ᠳᠠᠮᠵᠢᠭᠤᠯᠤᠨ᠂ ᠥᠪᠥᠷ ᠮᠣᠩᠭᠤᠯ ᠤᠨ ᠳᠤᠮᠳᠠᠳᠤ ᠠᠽᠢᠶ᠎ᠠ ᠳᠤ ᠬᠠᠨᠳᠤᠭᠤᠯᠤᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠤᠨ᠎ᠠ᠃ 
 
ᠢᠷᠡᠯᠲᠡ᠄ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号