6 ᠳ᠋ᠤᠭᠠᠷ ᠰᠠᠷ᠎ᠠ ᠶᠢᠨ 18 ᠤ ᠤᠷᠤᠢ᠂ ᠶᠦᠩ ᠵᠧᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ︵ᠳᠥᠭᠦᠮᠴᠢᠯᠡᠭᠡᠳ ︽ᠶᠦᠩ ᠵᠧᠨ ᠬᠤᠪᠢ ᠤᠷᠤᠭᠤᠯᠤᠯᠲᠠ︾︶ ᠶᠢᠨ | ᠠᠯᠪᠠᠨ ᠵᠠᠷ ᠲᠤ ᠢᠯᠡᠷᠡᠭᠦᠯᠦᠭᠰᠡᠨ ᠢᠶᠠᠷ᠂ ᠺᠣᠮᠫᠠᠨᠢ ᠶᠢᠨ ᠥᠪᠥᠷ ᠮᠣᠩᠭᠤᠯ ᠤᠨ ᠨᠢᠭᠡ ᠴᠣᠭᠴᠠᠵᠢᠭᠰᠠᠨ ᠲᠣᠮᠣ | ᠰᠠᠭᠤᠷᠢᠨ ᠭᠠᠵᠠᠷ ᠤᠨ ᠪᠠᠶᠢᠯᠳᠤᠬᠤ ᠪᠣᠳᠣᠯᠭ᠎ᠠ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠺᠣᠮᠫᠠᠨᠢ ᠶᠢᠨ | ᠬᠠᠷᠢᠶ᠎ᠠ ᠺᠣᠮᠫᠠᠨᠢ ᠶᠦᠩ ᠵᠧᠨ ᠴᠠᠬᠢᠯᠭᠠᠨ ᠬᠦᠴᠦᠨ ︵ᠪᠤᠭᠤᠲᠤ︶ ᠤ ᠬᠢᠵᠠᠭᠠᠷᠲᠤ ᠺᠣᠮᠫᠠᠨᠢ ᠪᠤᠭᠤᠲᠤ ᠬᠤᠲᠠ ᠶᠢᠨ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠳᠤ ᠪᠠᠯᠠ ᠣᠷᠣᠭᠤᠯᠤᠨ ᠪᠥᠲᠥᠭᠡᠨ | ᠪᠠᠶᠢᠭᠤᠯᠬᠤ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 13.1 ᠳ᠋ᠦᠩᠰᠢᠭᠤᠷ ᠲᠥᠭᠦᠷᠢᠭ | ᠪᠣᠯᠤᠨ᠎ᠠ᠃ | ᠲᠤᠰ ᠲᠦᠷᠦᠯ ᠵᠦᠢᠯ ᠨᠢ ᠪᠤᠷᠬᠠᠨᠲᠤ ᠶᠢᠨ 500 KV ᠬᠦᠴᠦᠳᠡᠯ ᠥᠭᠡᠷᠡᠴᠢᠯᠡᠬᠦ ᠦᠷᠳᠡᠭᠡ ᠶᠢᠨ | ᠬᠠᠪᠢ ᠳᠤ ᠪᠠᠶᠢᠷᠢᠯᠠᠵᠤ᠂ 193 ᠮᠦ ᠲᠠᠯᠠᠪᠠᠢ ᠶᠢ ᠡᠵᠡᠯᠡᠵᠦ᠂ ᠭᠤᠣᠯᠳᠠᠭᠤ 30 ᠲᠦᠮᠡᠨ ᠺᠢᠯᠣᠸᠠᠲ ᠴᠠᠭ / | 180 ᠲᠦᠮᠡᠨ ᠺᠢᠯᠣᠸᠠᠲ ᠴᠠᠭ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠪᠣᠯᠤᠨ | 220KV ᠬᠦᠴᠦᠳᠡᠯ ᠳᠡᠭᠡᠭᠰᠢᠯᠡᠭᠦᠯᠬᠦ ᠦᠷᠳᠡᠭᠡ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠪᠦᠳᠦᠭᠡᠨ | ᠪᠠᠶᠢᠭᠤᠯᠤᠨ᠎ᠠ᠃ ᠲᠥᠷᠥᠯ ᠵᠦᠢᠯ ᠤᠨ ᠪᠦᠬᠦᠯᠢ ᠥᠷᠲᠡᠭᠡ ᠨᠢ 30 ᠲᠦᠮᠡᠨ ᠺᠢᠯᠣᠸᠠᠲ ᠤᠨ ᠨᠣᠷᠮ᠎ᠠ ᠶᠢ | ᠲᠣᠭᠲᠠᠭᠠᠵᠤ᠂ ᠪᠠᠭᠯᠠᠭ᠎ᠠ ᠶᠢᠨ ᠲᠠᠰ ᠤᠨ ᠬᠠᠮᠢᠶᠠᠷᠤᠯᠲᠠ ᠶᠢ ᠬᠡᠷᠡᠭᠯᠡᠵᠦ ᠪᠠᠶᠢᠭ᠎ᠠ ᠪᠦᠯᠦᠭ ᠬᠡᠯᠬᠢᠶ᠎ᠡ ᠹᠣᠰᠹᠣᠷ | ᠬᠦᠴᠢᠯ ᠤᠨ ᠲᠡᠮᠦᠷ ᠯᠢᠲ᠋ᠢ ᠶᠢᠨ ᠴᠠᠬᠢᠯᠭᠠᠨ ᠴᠡᠨᠡᠭ ᠤᠨ ᠰᠢᠰᠲ᠋ᠧᠮ᠂ ᠨᠡᠶᠢᠯᠡᠮᠡᠯ ᠰᠢᠩᠭᠡᠨ ᠤ ᠬᠦᠢᠲᠡᠨ ᠳᠤᠯᠠᠭᠠᠨ ᠤ | ᠡᠵᠡᠮᠳᠡᠯ᠂ ᠾᠷᠤᠮ ᠤᠨ ᠭᠠᠯ ᠤᠨᠲᠠᠷᠠᠭᠠᠬᠤ ᠵᠢᠴᠢ ᠣᠶᠤᠨᠴᠢ BMS ᠢ ᠬᠡᠷᠡᠭᠯᠡᠵᠦ᠂ 40* | 5MW/30MWh ᠡᠨᠧᠷᠭᠢ ᠬᠠᠳᠠᠭᠠᠯᠠᠬᠤ ᠨᠢᠭᠡᠴᠢ ᠶᠢ ᠲᠣᠬᠢᠷᠠᠭᠤᠯᠵᠤ᠂ 220KV ᠱᠤᠭᠤᠮ ᠢᠶᠠᠷ | ᠬᠦᠷᠢᠶᠡᠯᠡᠩ ᠲᠣᠭᠤᠷᠢᠭ ᠤᠨ 500KV ᠬᠤᠷᠠᠮᠠᠯ ᠥᠷᠲᠡᠭᠡ ᠳᠤ ᠵᠠᠯᠭᠠᠭᠰᠠᠨ ᠤ ᠳᠠᠷᠠᠭ᠎ᠠ ᠪᠤᠷᠬᠠᠨᠲᠤ ᠶᠢᠨ | 500KV ᠬᠦᠴᠦᠳᠡᠯ ᠥᠭᠡᠷᠡᠴᠢᠯᠡᠬᠦ ᠥᠷᠲᠡᠭᠡ ᠳᠤ ᠵᠠᠯᠭᠠᠨ᠎ᠠ᠃ ᠵᠢᠱᠢᠯᠲᠡ ᠪᠠᠷ᠂ 2025 ᠣᠨ ᠤ 6 ᠳ᠋ᠤᠭᠠᠷ | ᠰᠠᠷ᠎ᠠ ᠳᠤ ᠪᠠᠷᠢᠯᠭ᠎ᠠ ᠡᠬᠢᠯᠡᠭᠦᠯᠵᠦ᠂ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠠᠷᠢᠯᠭ᠎ᠠ | ᠳᠠᠭᠤᠰᠬᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ | ᠲᠣᠭᠲᠠᠭᠠᠯ ᠢ ᠦᠨᠳᠦᠰᠦᠯᠡᠪᠡᠯ᠂ 2025 ᠣᠨ ᠤ ᠲᠣᠤᠷ ᠲᠤ ᠨᠡᠶᠢᠯᠡᠭᠦᠯᠦᠭᠰᠡᠨ ᠴᠠᠬᠢᠯᠭᠠᠨ ᠲᠣᠤᠷ ᠤᠨ | ᠬᠠᠵᠠᠭᠤ ᠶᠢᠨ ᠲᠤᠰᠠᠭᠠᠷ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠨᠥᠬᠦᠪᠥᠷᠢ ᠶᠢᠨ | ᠪᠠᠷᠢᠮᠵᠢᠶ᠎ᠠ ᠨᠢ 0.35 ᠲᠥᠭᠦᠷᠢᠭ / ᠺᠢᠯᠣᠸᠠᠲ ᠴᠠᠭ ᠪᠠᠶᠢᠵᠤ᠂ ᠨᠥᠬᠦᠪᠥᠷᠢᠯᠡᠬᠦ ᠬᠤᠭᠤᠴᠠᠭ᠎ᠠ ᠨᠢ 10 ᠵᠢᠯ | ᠪᠣᠯᠤᠨ᠎ᠠ᠃ ᠡᠨᠡ ᠬᠦ ᠤᠷᠳᠤ ᠬᠤᠭᠤᠴᠠᠭᠠᠨ ᠤ ᠪᠦᠲᠦᠮᠵᠢᠲᠡᠢ ᠨᠥᠬᠦᠪᠥᠷᠢ ᠶᠢᠨ ᠲᠣᠭᠲᠠᠴᠠ ᠨᠢ ᠶᠦᠩ ᠵᠧᠨ ᠤ | ᠬᠤᠪᠢ ᠣᠷᠣᠭᠤᠯᠤᠯᠲᠠ ᠳᠤ 10 ᠵᠢᠯ ᠦᠷᠭᠦᠯᠵᠢᠯᠡᠭᠰᠡᠨ ᠲᠣᠭᠲᠠᠭᠤᠨ ᠠᠰᠢᠭ ᠣᠷᠣᠯᠭ᠎ᠠ ᠶᠢᠨ ᠵᠢᠱᠢᠯᠲᠡ ᠶᠢ | ᠠᠪᠴᠢᠷᠠᠵᠤ᠂ ᠲᠣᠳᠣᠷᠬᠠᠢ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠷ ᠳᠠᠮᠵᠢᠭᠤᠯᠤᠨ ᠡᠨᠧᠷᠭᠢ ᠬᠠᠳᠠᠭᠠᠯᠠᠬᠤ | ᠲᠦᠷᠦᠯ ᠵᠦᠢᠯ ᠤᠨ ᠡᠵᠡᠩᠨᠡᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠤᠨ᠎ᠠ᠃ ᠡᠭᠦᠨ ᠠᠴᠠ ᠭᠠᠳᠠᠨ᠎ᠠ᠂ | ᠴᠠᠬᠢᠯᠭᠠᠨ ᠲᠣᠣᠷ ᠤᠨ ᠬᠠᠵᠠᠭᠤ ᠶᠢᠨ ᠡᠨᠧᠷᠭᠢ ᠬᠠᠳᠠᠭᠠᠯᠠᠬᠤ ᠨᠢ ᠴᠠᠬᠢᠯᠭᠠᠨ ᠲᠣᠣᠷ ᠤᠨ ᠤᠷᠢᠳᠠᠪᠠᠷ ᠰᠢᠯᠵᠢᠭᠦᠯᠦᠨ | ᠬᠡᠷᠡᠭᠯᠡᠬᠦ ᠳᠠᠪᠠᠭᠤᠯᠢᠭ ᠡᠬᠢ ᠪᠠᠶᠠᠯᠢᠭ ᠲᠤ ᠬᠠᠷᠢᠶᠠᠯᠠᠭᠳᠠᠵᠤ᠂ ᠣᠷᠭᠢᠯ ᠤᠨ ᠬᠤᠭᠤᠷᠣᠨᠳᠣ ᠵᠣᠬᠢᠬᠤ ᠬᠡᠮᠵᠢᠶᠡᠨ ᠤ | ᠠᠰᠢᠭ ᠵᠥᠷᠢᠶ᠎ᠡ ᠲᠠᠢ ᠪᠠᠶᠢᠳᠠᠭ᠃ | ᠠᠯᠪᠠᠨ ᠵᠠᠷ ᠲᠤ᠂ ᠲᠣᠰ ᠤᠳᠠᠭᠠᠨ ᠤ ᠪᠠᠯᠠ ᠣᠷᠣᠭᠤᠯᠤᠯᠲᠠ ᠨᠢ ᠶᠦᠩ ᠵᠧᠨ ᠤ ᠬᠤᠪᠢᠴᠠᠭᠠᠳᠤ ᠬᠡᠷᠡᠯ | ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠳᠣᠤᠷᠠᠳᠤ ᠤᠷᠤᠰᠬᠠᠯ ᠤᠨ ᠬᠡᠷᠡᠭᠯᠡᠭᠡᠨ ᠤ ᠳᠠᠪᠬᠤᠷᠭ᠎ᠠ ᠲᠡᠶᠢᠰᠢ | ᠥᠷᠭᠡᠵᠢᠵᠦ᠂ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠬᠢᠭᠡᠳ ᠴᠠᠬᠢᠯᠭᠠᠨ ᠥᠷᠲᠡᠭᠡ ᠶᠢᠨ ᠰᠢᠰᠲ᠋ᠧᠮ ᠤᠨ | ᠬᠤᠷᠠᠮᠠᠯ ᠠᠭᠤᠰᠤᠯᠴᠠᠯ ᠬᠥᠭᠵᠢᠯᠲᠡ ᠶᠢ ᠠᠬᠢᠭᠤᠯᠬᠤ ᠳᠤ ᠠᠰᠢᠭᠲᠠᠶ ᠭᠡᠵᠡᠶ᠃ ᠵᠢᠱᠢᠶᠡᠯᠡᠪᠡᠯ᠂ ᠨᠢᠭᠡ ᠲᠠᠯ᠎ᠠ ᠪᠠᠷ᠂ | ᠪᠤᠭᠤᠲᠤ ᠬᠤᠲᠠ ᠶᠢᠨ ᠭᠠᠵᠠᠷ ᠣᠷᠣᠨ ᠤ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ ᠵᠡᠷᠭᠡ ᠳᠠᠬᠢᠨ ᠡᠭᠦᠰᠴᠦ | ᠪᠣᠯᠬᠤ ᠡᠨᠧᠷᠭᠢ ᠶᠢᠨ ᠰᠤᠷᠪᠤᠯᠵᠢ ᠶᠢ ᠥᠨᠳᠥᠷ ᠪᠦᠲᠦᠮᠵᠢᠲᠡᠶ ᠪᠠᠷ ᠰᠢᠩᠭᠡᠭᠡᠵᠦ᠂ ᠰᠠᠯᠬᠢᠨ ᠬᠦᠴᠦᠨ ᠪᠠ ᠬᠡᠷᠡᠯ | ᠬᠠᠶᠠᠬᠤ ᠨᠣᠷᠮ᠎ᠠ ᠶᠢ ᠪᠠᠭᠠᠰᠬᠠᠨ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠨᠢ ᠴᠠᠬᠢᠯᠭᠠᠨ ᠲᠣᠤᠷ ᠤᠨ | ᠳᠠᠪᠲᠠᠮᠵᠢ ᠲᠣᠬᠢᠷᠠᠭᠤᠯᠬᠤ ᠣᠷᠭᠢᠯ ᠳᠤ ᠬᠦᠷᠴᠦ᠂ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ | ᠳᠡᠭᠡᠭᠰᠢᠯᠡᠭᠦᠯᠦᠨ᠂ ᠡᠪᠦᠯ ᠤᠨ ᠤᠯᠠᠷᠢᠯ ᠤᠨ ᠢᠯᠴᠢ ᠬᠠᠩᠭᠠᠬᠤ ᠬᠤᠭᠤᠴᠠᠭᠠᠨ ᠳᠤ ᠴᠠᠬᠢᠯᠭᠠᠨ ᠳᠤᠲᠠᠭᠳᠠᠵᠤ ᠪᠠᠶᠢᠭ᠎ᠠ | ᠠᠰᠠᠭᠤᠳᠠᠯ ᠢ ᠨᠠᠮᠳᠠᠭᠤᠯᠬᠤ ᠶᠢᠨ ᠬᠠᠮᠲᠤ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠲᠤ 6 ᠴᠠᠭ / | 1800MWh ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠬᠦᠴᠦᠨ ᠢ ᠬᠠᠩᠭᠠᠵᠤ᠂ ᠡᠮᠨᠡᠯᠭᠡ ᠶᠢᠨ ᠬᠤᠷᠢᠶ᠎ᠠ᠂ | ᠵᠠᠮ ᠬᠠᠷᠢᠯᠴᠠᠭ᠎ᠠ ᠵᠡᠷᠭᠡ ᠵᠠᠩᠭᠢᠯᠠᠭ᠎ᠠ ᠶᠢᠨ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠠᠲᠤᠯᠠᠨ᠂ | ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠥᠪᠡᠷ ᠤᠨ ᠥᠷᠲᠡᠭ ᠢ ᠪᠠᠭᠤᠷᠠᠭᠤᠯᠵᠤ ᠪᠣᠯᠤᠨ᠎ᠠ᠃ ᠨᠥᠭᠦᠭᠡ | ᠲᠠᠯ᠎ᠠ ᠪᠠᠷ᠂ ᠡᠨᠧᠷᠭᠢ ᠬᠠᠳᠠᠭᠠᠯᠠᠬᠤ ᠲᠤᠬᠠᠶᠢᠯᠠᠭᠰᠠᠨ ᠠᠵᠢᠯ ᠤᠨ ᠬᠡᠰᠡᠭ ᠲᠤ ᠪᠠᠯᠠ ᠣᠷᠣᠭᠤᠯᠬᠤ ᠪᠠᠷ | ᠳᠠᠮᠵᠢᠭᠤᠯᠤᠨ᠂ ᠠᠵᠢᠯ ᠤᠨ ᠠᠮᠵᠢᠯᠲᠠ ᠪᠦᠲᠦᠮᠵᠢ ᠶᠢᠨ ᠰᠢᠨ᠎ᠡ ᠨᠡᠮᠡᠭᠳᠡᠯ ᠤᠨ ᠴᠡᠭ ᠢ ᠠᠭᠤᠳᠠᠯᠵᠤ᠂ ᠨᠡᠮᠡᠭᠳᠡᠯ ᠤᠨ | ᠳᠠᠯᠳᠠ ᠬᠦᠴᠦᠨ ᠢᠶᠠᠷ ᠯᠤᠲᠤ ᠶᠡᠭᠡ ᠵᠠᠬ᠎ᠠ ᠳᠡᠯᠭᠡᠭᠦᠷ ᠲᠤ ᠭᠠᠷᠳᠠᠨ ᠬᠢᠵᠦ᠂ ᠵᠢᠱᠢᠯᠲᠡ ᠪᠠᠷ ᠶᠦᠩ ᠵᠧᠨ ᠬᠤᠪᠢ | ᠣᠷᠣᠭᠤᠯᠤᠯᠲᠠ ᠳᠤ ᠨᠡᠯᠢᠶᠡᠳ ᠰᠠᠶᠢᠨ ᠠᠰᠢᠭ ᠣᠷᠣᠯᠭ᠎ᠠ ᠣᠯᠭᠤᠬᠤ ᠪᠣᠯᠤᠨ᠎ᠠ᠃ | |