ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠤᠨ ᠬᠠᠮᠲᠤᠷᠠᠨ ᠡᠷᠭᠢᠯᠡᠭᠰᠡᠨ ᠥᠪᠥᠷ ᠮᠣᠩᠭᠤᠯ ᠤᠨ ᠭᠤᠤᠯᠳᠠᠯᠭ᠎ᠠ ᠲᠠᠢ ᠠᠵᠤ ᠦᠢᠯᠡᠰ ᠤᠨ ᠶᠠᠷᠢᠯᠴᠠᠬᠤ | ᠬᠤᠷᠠᠯ ᠱᠠᠨᠰᠢ ᠮᠤᠵᠢ ᠶᠢᠨ ᠰᠢ ᠠᠨ ᠬᠤᠲᠠ ᠳᠤ ᠶᠠᠪᠤᠭᠳᠠᠵᠤ᠂ ᠱᠠᠨᠰᠢ ᠥᠪᠥᠷ ᠮᠣᠩᠭᠤᠯ ᠬᠤᠶᠠᠷ ᠭᠠᠵᠠᠷ ᠠᠴᠠ | ᠢᠷᠡᠭᠰᠡᠨ ᠱᠠᠨᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠵᠡᠷᠭᠡ 9 ᠬᠤᠳᠠᠯᠳᠤᠭᠠᠨ ᠤ | ᠨᠡᠶᠢᠭᠡᠮᠯᠢᠭ ᠤᠨ ᠲᠥᠯᠥᠭᠡᠯᠡᠭᠴᠢ ᠪᠣᠯᠤᠨ ᠰᠢ ᠠᠨ ᠤ ᠠᠨᠠᠷ ᠤᠨ ᠠᠮᠢ ᠠᠬᠤᠶ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠷᠢᠶᠡᠯᠡᠩ᠂ ᠱᠠᠨᠰᠢ ᠶᠢᠨ ᠬᠠᠶ ᠲᠢᠶᠠᠨ ᠡᠮ ᠦᠢᠯᠡᠳᠬᠦ ᠬᠢᠵᠠᠭᠠᠷᠲᠤ ᠺᠣᠮᠫᠠᠨᠢ ᠵᠡᠷᠭᠡ 40 ᠭᠠᠷᠤᠶ | ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃ | ᠰᠣᠯᠢᠯᠴᠠᠭᠠᠨ ᠤ ᠬᠤᠷᠠᠯ ᠤᠨ ᠬᠤᠭᠤᠴᠠᠭᠠᠨ ᠳᠤ᠂ ᠱᠠᠨᠰᠢ ᠶᠢᠨ ᠬᠠᠶ ᠲᠢᠶᠠᠨ ᠡᠮ ᠦᠢᠯᠡᠳᠬᠦ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠵᠣᠣ ᠴᠢᠶᠠᠩ ᠢᠯᠡᠷᠬᠡᠶᠢᠯᠡᠬᠦ ᠳᠡᠭᠡᠨ᠂ ᠺᠣᠮᠫᠠᠨᠢ ᠶᠢᠨ ᠬᠥᠭᠵᠢᠯᠲᠡ ᠶᠢᠨ | ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠲᠦᠩᠯᠢᠶᠣᠤ | ᠬᠤᠲᠠ ᠶᠢᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠥᠷᠳᠡᠵᠦ᠂ ᠠᠵᠤ ᠠᠬᠤᠶᠢᠯᠠᠯ ᠤᠨ ᠡᠮ ᠤᠨ | ᠮᠠᠲ᠋ᠧᠷᠢᠶᠠᠯ ᠤᠨ ᠶᠠᠰᠤ ᠴᠢᠨᠠᠷ ᠵᠢᠴᠢ ᠥᠪᠡᠷ ᠤᠨ ᠥᠷᠲᠡᠭ ᠤᠨ ᠡᠵᠡᠮᠳᠡᠯ ᠤᠨ ᠲᠠᠯ᠎ᠠ ᠪᠠᠷ ᠴᠥᠮ ᠳᠡᠭᠡᠭᠰᠢᠯᠡᠵᠦ᠂ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠤ ᠳᠡᠭᠡᠭᠰᠢᠯᠡᠯᠲᠡ ᠶᠢ ᠠᠬᠢᠭᠤᠯᠤᠭᠰᠠᠨ ᠪᠠᠶᠢᠨ᠎ᠠ | ᠭᠡᠪᠡ᠃ | ᠣᠶᠢᠯᠠᠭᠠᠭᠰᠠᠨ ᠢᠶᠠᠷ᠂ ᠱᠠᠨᠰᠢ ᠶᠢᠨ ᠬᠠᠶ ᠲᠢᠶᠠᠨ ᠡᠮ ᠦᠢᠯᠡᠳᠬᠦ ᠬᠢᠵᠠᠭᠠᠷᠲᠤ ᠺᠣᠮᠫᠠᠨᠢ ᠶᠢᠨ ᠲᠤᠬᠠᠶᠢᠯᠠᠭᠰᠠᠨ | ᠠᠵᠢᠯ ᠨᠢ ᠡᠮ ᠤᠨ ᠵᠦᠢᠯ᠂ ᠴᠢᠴᠠᠷᠭᠠᠨ᠎ᠠ ᠶᠢᠨ ᠡᠷᠡᠭᠦᠯ ᠮᠡᠨᠳᠦ ᠶᠢᠨ ᠢᠳᠡᠭᠡᠨ ᠵᠡᠷᠭᠡ ᠶᠢ ᠬᠠᠮᠤᠷᠴᠤ᠂ ᠲᠣᠰ ᠺᠣᠮᠫᠠᠨᠢ | 2018 ᠣᠨ ᠳᠤ ᠥᠪᠥᠷ ᠮᠣᠩᠭᠤᠯ ᠳᠤ ᠢᠷᠡᠵᠦ᠂ 7 ᠵᠢᠯ ᠤᠨ ᠬᠥᠭᠵᠢᠯᠲᠡ ᠪᠠᠷ ᠳᠡᠮᠵᠢᠨ ᠲᠦᠩᠯᠢᠶᠣᠤ | ᠬᠤᠲᠠ ᠳᠤ 4.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠡᠨᠡ ᠵᠢᠯ ᠲᠦᠩᠯᠢᠶᠣᠤ | ᠬᠤᠲᠠ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠡᠮ ᠤᠨ ᠵᠦᠢᠯ ᠪᠠ ᠢᠳᠡᠭᠡᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ ᠪᠠᠰᠠ 5000 ᠲᠦᠮᠡᠨ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠬᠦ ᠪᠣᠯᠤᠨ᠎ᠠ᠃ | |