ᠠᠵᠤ ᠦᠢᠯᠡᠰ ᠤᠨ ᠬᠦᠭᠵᠢᠯᠲᠡ — ᠦᠪᠦᠷ ᠮᠤᠩᠭᠤᠯ ᠤᠨ ᠬᠤᠪᠤᠷ ᠰᠢᠷᠤᠢ ︽ᠬᠡᠳᠦ ᠴᠢᠳᠠᠪᠤᠷᠢ︾ ᠪᠠᠷ ᠤᠳᠤ ᠦᠶ᠎ᠠ ᠶᠢᠨ ᠠᠵᠤ ᠦᠢᠯᠡᠳᠪᠦᠷᠢ ᠶᠢ ᠳᠠᠬᠢᠨ ᠴᠤᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/6/4
  6 ᠳ᠋ᠤᠭᠠᠷ ᠰᠠᠷ᠎ᠠ ᠶᠢᠨ 3 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠵᠤ ᠮᠡᠳᠡᠭᠰᠡᠨ ᠨᠢ᠄ ᠤᠮᠠᠷᠠᠲᠤ ᠶᠢᠨ ᠬᠤᠪᠣᠷ ᠰᠢᠷᠤᠢ ᠶᠢᠨ ᠪᠦᠯᠦᠭᠯᠡᠯ ᠤᠶᠢᠷ᠎ᠠ ᠳᠤ ᠬᠤᠪᠣᠷ ᠰᠢᠷᠤᠢ ᠶᠢᠨ ᠬᠡᠷᠡᠭᠯᠡᠭᠡᠨ ᠤ ᠬᠦᠷᠢᠶ᠎ᠡ ᠶᠢ ᠳᠠᠬᠢᠨᠲᠠ ᠦᠷᠭᠡᠳᠭᠡᠵᠦ ᠪᠤᠢ᠂ ᠲᠤᠬᠠᠶᠢᠯᠠᠪᠠᠯ ᠨᠥᠭᠡᠴᠡ ᠶᠡᠬᠡᠲᠡᠢ ᠯᠠᠨᠲ᠋ᠠᠨ ᠼᠧᠷᠢ ᠶᠢᠨ ᠡᠯᠧᠮᠧᠨ᠋ᠲ ᠢ ᠠᠰᠢᠭᠯᠠᠵᠤ᠂ PVC ᠨᠡᠭᠦᠷᠡᠰᠦᠲᠥ᠋ᠷᠥᠭᠴᠢ ᠶᠢᠨ ᠲᠠᠯᠠᠰᠲᠤ ᠬᠠᠪᠲᠠᠰᠤ ᠪᠠᠷ ᠦᠢᠯᠡᠳᠪᠦᠷᠢᠯᠡᠬᠦ ᠳᠤ ᠬᠡᠷᠡᠭᠯᠡᠬᠦ ᠬᠤᠪᠣᠷ ᠰᠢᠷᠤᠢ ᠶᠢᠨ ᠢᠯᠴᠢ ᠶᠢᠨ ᠲᠣᠭᠲᠠᠭᠤᠨ ᠡᠳ᠋ ᠢ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠪᠠᠶᠢᠨ᠎ᠠ᠃ ᠲᠣᠭᠲᠠᠭᠤᠨ ᠡᠳ᠋ ᠣᠷᠣᠭᠤᠯᠬᠤ ᠵᠠᠬ᠎ᠠ ᠳᠡᠯᠭᠡᠭᠦᠷ ᠤᠨ ᠳᠠᠷᠠᠭ᠎ᠠ ᠥᠷᠭᠡᠨ ᠢᠶᠠᠷ ᠰᠠᠶᠢᠨ ᠦᠨᠡᠯᠡᠯᠲᠡ ᠣᠯᠵᠤ᠂ ᠣᠳᠣᠬᠠᠨ ᠳᠤ ᠨᠢᠭᠡᠨᠲᠡ ᠵᠠᠭᠤᠨ ᠲᠣᠨ ᠢ ᠳᠠᠪᠠᠵᠠᠶ᠃  ᠣᠶᠢᠯᠠᠭᠠᠭᠰᠠᠨ ᠢᠶᠠᠷ᠂ ᠡᠳᠦᠷ ᠲᠤᠲᠤᠮ ᠤᠨ ᠬᠡᠷᠡᠭᠯᠡᠬᠦ ᠰᠢᠨ᠎ᠡ ᠬᠡᠯᠪᠡᠷᠢ ᠶᠢᠨ ᠡᠭᠦᠳᠡᠨ ᠬᠠᠪᠲᠠᠰᠤ᠂ ᠯᠠᠩᠭᠦᠶ᠂ ᠠᠷᠤ ᠦᠵᠡᠮᠵᠢ ᠶᠢᠨ ᠬᠡᠷᠡᠮ ᠵᠡᠷᠭᠡ ᠵᠠᠰᠠᠯ ᠴᠢᠮᠡᠭᠯᠡᠯ ᠤᠨ ᠲᠥᠷᠥᠯ ᠤᠨ ᠬᠡᠷᠡᠭᠯᠡᠭᠡᠨ ᠤ ᠵᠦᠢᠯ ᠳᠤ ᠴᠥᠮ ᠨᠡᠭᠦᠷᠡᠰᠦᠲᠥ᠋ᠷᠥᠭᠴᠢ ᠶᠢᠨ ᠲᠠᠯᠠᠰᠲᠤ ᠬᠠᠪᠲᠠᠰᠤ ᠬᠡᠷᠡᠭᠯᠡᠵᠦ ᠪᠣᠯᠤᠨ᠎ᠠ᠃ ᠨᠡᠭᠦᠷᠡᠰᠦᠲᠦ᠋ᠷᠦᠭᠴᠢᠲᠦ ᠲᠠᠯᠠᠰᠲᠤ ᠬᠠᠪᠲᠠᠰᠤ ᠨᠢ ᠰᠢᠷᠭᠤᠯᠵᠢᠨ ᠠᠯᠳᠧᠾᠢᠳ᠋ ᠦᠭᠡᠢ᠂ ᠪᠣᠬᠢᠷᠲᠤᠯ ᠦᠭᠡᠢ᠂ ᠳᠠᠭᠠᠭᠠᠮᠠᠭᠠᠢ ᠴᠢᠨᠠᠷ ᠪᠠ ᠭᠠᠯ ᠰᠡᠷᠭᠡᠶᠢᠯᠡᠬᠦ ᠴᠢᠨᠠᠷ ᠰᠠᠶᠢᠲᠠᠶ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠨᠢᠭᠡᠨᠲᠡ ᠣᠳᠣᠬᠠᠨ ᠤ ᠮᠠᠰᠢ ᠥᠷᠭᠡᠨ ᠬᠡᠷᠡᠭᠯᠡᠭᠡᠨ ᠤ ᠦᠢᠯᠡᠳᠬᠦᠨ ᠪᠣᠯᠤᠭᠰᠠᠨ ᠪᠠᠶᠢᠨ᠎ᠠ᠃ ᠨᠡᠭᠦᠷᠡᠰᠦᠲᠥ᠋ᠷᠥᠭᠴᠢ ᠶᠢᠨ ᠲᠠᠯᠠᠰᠲᠤ ᠬᠠᠪᠲᠠᠰᠤ ᠶᠢᠨ ᠦᠢᠯᠡᠳᠪᠦᠷᠢᠯᠡᠯ ᠳᠤ ᠥᠨᠳᠥᠷ ᠳᠤᠯᠠᠭᠠᠨ ᠢᠶᠠᠷ ᠰᠢᠬᠠᠨ ᠳᠠᠷᠤᠬᠤ ᠴᠢᠬᠤᠯᠠᠲᠠᠢ᠂ ᠡᠨᠡ ᠶᠠᠪᠤᠴᠠ ᠳᠤ ᠡᠷᠬᠡᠪᠰᠢ ᠢᠯᠴᠢ ᠶᠢᠨ ᠲᠣᠭᠲᠠᠭᠤᠨ ᠡᠳ᠋ ᠨᠡᠮᠡᠵᠦ᠂ ᠥᠩᠭᠡᠷᠡᠭᠰᠡᠨ ᠳᠤ ᠭᠤᠣᠯᠳᠠᠭᠤ ᠬᠠᠷ᠎ᠠ ᠳᠣᠭᠤᠯᠭᠠᠨ ᠳᠠᠪᠤᠰᠤᠨ ᠤ ᠲᠣᠭᠲᠠᠭᠤᠨ ᠡᠳ᠋ ᠢᠶᠠᠷ ᠭᠤᠣᠯ ᠪᠣᠯᠭᠠᠵᠤ ᠪᠠᠶᠢᠵᠠᠢ᠂ ᠣᠷᠴᠢᠨ ᠲᠣᠭᠤᠷᠢᠨ ᠢ ᠬᠠᠮᠠᠭᠠᠯᠠᠬᠤ ᠴᠢᠳᠠᠪᠤᠷᠢ ᠨᠢ ᠠᠨᠠᠢ ᠮᠥᠷᠲᠡᠭᠡᠨ ᠪᠣᠯᠪᠠᠰᠤᠷᠠᠭᠤᠯᠬᠤ ᠶᠠᠪᠤᠴᠠ ᠳᠤ ᠦᠷᠭᠦᠯᠵᠢ ᠬᠤᠯᠢᠮᠠᠭ ᠡᠳ᠋ ᠢ ᠵᠠᠳᠠᠯᠤᠨ ᠭᠠᠷᠭᠠᠵᠤ᠂ ᠨᠡᠭᠦᠷᠡᠰᠦᠲᠥ᠋ᠷᠥᠭᠴᠢ ᠶᠢᠨ ᠲᠠᠯᠠᠰᠲᠤ ᠬᠠᠪᠲᠠᠰᠤᠨ ᠤ ᠪᠦᠲᠦᠭᠡᠭᠳᠡᠬᠦᠨ ᠤ ᠶᠠᠰᠤ ᠴᠢᠨᠠᠷ ᠢ ᠰᠢᠭᠤᠳ ᠨᠦᠯᠦᠭᠡᠯᠡᠨ᠎ᠡ᠃ ᠨᠡᠭᠦᠷᠡᠰᠦᠲᠥ᠋ᠷᠥᠭᠴᠢ ᠶᠢᠨ ᠲᠠᠯᠠᠰᠲᠤ ᠬᠠᠪᠲᠠᠰᠤ ᠶᠢᠨ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠣᠨᠴᠠᠯᠢᠭ ᠵᠢᠴᠢ ᠱᠠᠭᠠᠷᠳᠠᠯᠭ᠎ᠠ ᠶᠢ ᠦᠨᠳᠦᠰᠦᠯᠡᠨ᠂ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ᠤᠨ ᠷᠦᠢ ᠬᠤᠩ ᠺᠣᠮᠫᠠᠨᠢ ᠨᠡᠭᠦᠷᠡᠰᠦᠲᠥ᠋ᠷᠥᠭᠴᠢ ᠶᠢᠨ ᠲᠠᠯᠠᠰᠲᠤ ᠬᠠᠪᠲᠠᠰᠤᠨ ᠳᠠᠪᠬᠤᠷᠭ᠎ᠠ ᠵᠢᠴᠢ ᠭᠤᠣᠯ ᠳᠠᠪᠬᠤᠷᠭ᠎ᠠ ᠡᠳ᠋ᠰᠢᠭᠦᠯᠬᠦ ᠳᠤ ᠬᠡᠷᠡᠭᠯᠡᠬᠦ ᠬᠤᠪᠣᠷ ᠰᠢᠷᠣᠢ ᠶᠢᠨ ᠢᠯᠴᠢ ᠶᠢᠨ ᠲᠣᠭᠲᠠᠪᠤᠷᠢᠵᠢᠭᠤᠯᠬᠤ ᠡᠳ᠋ ᠢ ᠭᠠᠷᠳᠠᠨ ᠰᠤᠳᠤᠯᠤᠨ ᠨᠡᠭᠡᠭᠡᠪᠡ᠃  ︽ᠰᠤᠳᠤᠯᠤᠨ ᠨᠡᠭᠡᠭᠡᠬᠦ ᠠᠴᠠ ᠪᠠᠭ᠎ᠠ ᠲᠤᠷᠰᠢᠯᠲᠠ᠂ ᠳᠤᠮᠳᠠ ᠲᠤᠷᠰᠢᠯᠲᠠ ᠬᠢᠬᠦ ᠬᠦᠷᠲᠡᠯ᠎ᠡ᠂ ᠳᠠᠬᠢᠨ ᠠᠵᠤ ᠦᠢᠯᠡᠳᠪᠦᠷᠢᠵᠢᠯᠲᠡ ᠶᠢᠨ ᠦᠢᠯᠡᠳᠪᠦᠷᠢᠯᠡᠯ ᠬᠦᠷᠲᠡᠯ᠎ᠡ᠂ ᠰᠢᠨ᠎ᠡ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠲᠦᠯᠬᠢᠨ ᠠᠬᠢᠭᠤᠯᠬᠤ ᠳᠤ ᠵᠥᠪᠬᠡᠨ ᠨᠢᠭᠡ ᠰᠠᠷ᠎ᠠ ᠶᠢᠨ ᠬᠤᠭᠤᠴᠠᠭ᠎ᠠ ᠬᠡᠷᠡᠭᠯᠡᠵᠦ᠂ ᠬᠤᠪᠣᠷ ᠰᠢᠷᠣᠶ ᠶᠢᠨ ᠢᠯᠴᠢ ᠶᠢ ᠲᠣᠭᠲᠠᠪᠤᠷᠢᠵᠢᠭᠤᠯᠬᠤ ᠡᠳ᠋ ᠨᠢ ᠴᠢᠳᠠᠪᠬᠢ ᠰᠠᠶᠢᠨ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠴᠢᠨᠠᠷ ᠦᠨ᠎ᠡ ᠶᠢᠨ ᠬᠠᠷᠢᠴᠠᠯ ᠥᠨᠳᠥᠷ ᠪᠠᠶᠢᠵᠤ᠂ ᠳᠣᠣᠷᠠᠳᠤ ᠤᠷᠤᠰᠬᠠᠯ ᠤᠨ ᠡᠳ᠋ᠰᠢᠭᠦᠯᠦᠯᠲᠡ ᠳᠤ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠨᠥᠬᠦᠴᠡᠯ ᠢ ᠣᠨᠣᠪᠴᠢᠲᠠᠢ ᠲᠣᠬᠢᠷᠠᠭᠤᠯᠵᠤ ᠪᠣᠯᠬᠤ ᠪᠥᠭᠡᠳ ᠪᠠᠰᠠ ᠦᠷᠭᠦᠯᠵᠢᠯᠡᠨ ᠪᠣᠯᠪᠠᠰᠤᠷᠠᠭᠤᠯᠬᠤ ᠳᠤᠮᠳᠠ ᠵᠠᠳᠠᠯᠤᠨ ᠭᠠᠷᠭᠠᠭᠰᠠᠨ ᠦᠭᠡᠢ᠂ ᠵᠠᠬ᠎ᠠ ᠳᠡᠯᠭᠡᠭᠦᠷ ᠤᠨ ᠲᠠᠭᠠᠰᠢᠶᠠᠯ ᠢ ᠣᠯᠵᠤ᠂ ᠦᠢᠯᠡᠳᠬᠦᠨ ᠤ ᠵᠠᠬᠢᠶᠠᠯᠠᠭ᠎ᠠ ᠲᠣᠭᠲᠠᠭᠤᠨ ᠢᠶᠠᠷ ᠨᠡᠮᠡᠭᠳᠡᠪᠡ︾᠃ ᠤᠮᠠᠷᠠᠳᠤ ᠶᠢᠨ ᠬᠤᠪᠣᠷ ᠰᠢᠷᠤᠢ ᠶᠢᠨ ᠪᠦᠯᠦᠭᠯᠡᠯ ᠤᠨ ᠷᠦᠢ ᠬᠤᠩ ᠺᠣᠮᠫᠠᠨᠢ ᠶᠢᠨ ᠰᠤᠳᠤᠯᠤᠨ ᠨᠡᠭᠡᠭᠡᠨ ᠬᠥᠭᠵᠢᠭᠦᠯᠬᠦ ︵ᠶᠠᠰᠤ ᠴᠢᠨᠠᠷ ᠢ ᠪᠠᠶᠢᠴᠠᠭᠠᠬᠤ︶ ᠬᠡᠯᠲᠡᠰ ᠤᠨ ᠳᠡᠳ᠋ ᠳᠠᠷᠤᠭ᠎ᠠ ᠭᠡ ᠷᠦᠢ ᠰᠢᠶᠠᠩ ᠬᠡᠯᠡᠪᠡ᠃  ᠲᠣᠨᠤᠭ ᠲᠥᠬᠦᠭᠡᠷᠦᠮᠵᠢ ᠪᠠᠷ ᠬᠡᠷᠡᠭᠯᠡᠭᠡᠨ ᠤ ᠮᠠᠲ᠋ᠧᠷᠢᠶᠠᠯ ᠦᠢᠯᠡᠳᠬᠦ ᠠᠴᠠ ᠡᠮ ᠡᠮᠨᠡᠯᠭᠡ ᠶᠢᠨ ᠬᠡᠷᠡᠭᠰᠡᠯ ᠤᠨ ᠮᠠᠲ᠋ᠧᠷᠢᠶᠠᠯ ᠬᠦᠷᠲᠡᠯ᠎ᠡ᠂ ᠲᠣᠭᠲᠠᠮᠠᠯ ᠰᠣᠷᠢᠨᠵᠢᠨ ᠮᠠᠲ᠋ᠧᠷᠢᠶᠠᠯ ᠠᠴᠠ ᠰᠠᠨᠰᠠᠷ ᠤᠨ ᠠᠶᠠᠯᠠᠯ ᠤᠨ ᠮᠠᠲ᠋ᠧᠷᠢᠶᠠᠯ   ᠬᠦᠷᠲᠡᠯ᠎ᠡ ᠁ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠬᠤᠪᠣᠷ ᠰᠢᠷᠤᠢ ᠶᠠᠭ ᠲᠡᠭᠦᠨ ᠤ ᠥᠨᠳᠥᠷ ᠰᠣᠷᠢᠨᠵᠢᠨ ᠴᠢᠨᠠᠷ᠂ ᠥᠨᠳᠥᠷ ᠬᠠᠯᠠᠭᠤᠨ ᠳᠤ ᠲᠡᠰᠪᠦᠷᠢᠲᠡᠢ᠂ ᠭᠡᠷᠡᠯ ᠤᠨ ᠤᠬᠠᠭᠠᠨ ᠢᠶᠠᠷ ᠰᠡᠷᠭᠡᠭ ᠪᠠᠺᠲ᠋ᠤᠷᠢ ᠳᠠᠷᠤᠬᠤ ᠵᠡᠷᠭᠡ ︽ᠬᠡᠳᠦ ᠴᠢᠳᠠᠪᠤᠷᠢ︾ ᠪᠠᠷ ᠣᠳᠣ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠳᠠᠬᠢᠨ ᠪᠠᠶᠢᠭᠤᠯᠵᠤ ᠪᠠᠶᠢᠨ᠎ᠠ᠃ ᠠᠵᠢᠯ ᠲᠥᠷᠥᠯ ᠤᠨ ᠬᠥᠮᠦᠰ ᠨᠡᠶᠢᠳᠡᠮ ᠦᠵᠡᠭᠰᠡᠨ ᠨᠢ᠂ ᠣᠬᠤᠷᠬᠠᠨ ᠨᠢᠭᠡ ᠰᠠᠷ᠎ᠠ ᠶᠢᠨ ᠳᠣᠲᠣᠷ᠎ᠠ ᠦᠢᠯᠡᠳᠬᠦᠨ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠬᠤᠪᠢᠷᠠᠭᠤᠯᠬᠤ ᠪᠠ ᠵᠠᠬ᠎ᠠ ᠳᠡᠯᠭᠡᠭᠦᠷ ᠤᠨ ᠬᠡᠷᠡᠭᠯᠡᠭᠡᠨ ᠤ ᠪᠥᠬᠦ ᠬᠡᠯᠬᠢᠶ᠎ᠡ ᠪᠠᠷ ᠨᠡᠪᠲᠡᠷᠡᠭᠦᠯᠬᠦ ᠶᠢ ᠪᠡᠶᠡᠯᠡᠭᠦᠯᠵᠦ᠂ ᠥᠪᠥᠷ ᠮᠣᠩᠭᠤᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠤᠪᠣᠷ ᠰᠢᠷᠣᠶ ᠶᠢᠨ ᠢᠯᠴᠢ ᠶᠢ ᠲᠣᠭᠲᠠᠪᠤᠷᠢᠵᠢᠭᠤᠯᠬᠤ ᠡᠮ ᠤᠨ ᠥᠷᠭᠡᠨ ᠠᠭᠤᠳᠠᠮ ᠵᠠᠬ᠎ᠠ ᠳᠡᠯᠭᠡᠭᠦᠷ ᠤᠨ ᠢᠷᠡᠭᠡᠳᠦᠶ ᠪᠠ ︽ᠬᠤᠪᠣᠷ ᠰᠢᠷᠣᠶ + ︾ ᠶᠢᠨ ᠦᠢᠯᠡᠳᠬᠦᠨ ᠤ ᠭᠤᠤᠯᠯᠠᠬᠤ ᠥᠷᠢᠰᠥᠯᠳᠦᠬᠦ ᠬᠦᠴᠦᠨ ᠤ ᠦᠷᠭᠦᠯᠵᠢᠯᠡᠨ ᠳᠡᠭᠡᠭᠰᠢᠯᠡᠬᠦ ᠶᠢ ᠬᠠᠷᠠᠭᠤᠯᠵᠤ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ · ᠲᠠᠯ᠎ᠠ ᠨᠤᠲᠤᠭ ᠤᠨ ᠡᠭᠦᠯᠡ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号