ᠥᠪᠥᠷ ᠮᠣᠩᠭᠤᠯ ᠤᠨ ᠵᠢᠶᠠᠨ ᠾᠧᠩ ᠤᠣ ᠨᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ 3GWh ︵GWh︶ ᠨᠠᠲᠷᠢ ᠶᠢᠨ ᠳᠠᠪᠤᠰᠤᠨ ᠤ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠤᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠨᠢ ᠡᠨᠡ ᠵᠢᠯ ᠠᠵᠢᠯ ᠢᠶᠠᠨ ᠰᠡᠷᠭᠦᠭᠡᠭᠰᠡᠨ ᠠᠴᠠ ᠨᠠᠭᠠᠰᠢ᠂ | ᠪᠠᠷᠢᠯᠭ᠎ᠠ ᠶᠢᠨ ᠬᠤᠭᠤᠴᠠᠭ᠎ᠠ ᠶᠢ ᠠᠳᠬᠤᠵᠤ᠂ ᠠᠬᠢᠴᠠ ᠶᠢ ᠠᠮᠵᠢᠵᠤ᠂ 6 ᠳ᠋ᠤᠭᠠᠷ ᠰᠠᠷ᠎ᠠ ᠶᠢᠨ ᠰᠡᠭᠦᠯᠴᠢ ᠪᠠᠷ ᠪᠥᠬᠦ | ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠬᠠᠷᠠᠯᠲᠠ ᠶᠢ ᠬᠦᠴᠦᠯᠡᠨ ᠰᠢᠪᠲᠤᠯᠪᠠ᠃ ᠨᠤᠨᠳᠠᠭ ᠢᠶᠠᠷ ᠪᠡᠯᠡᠳᠬᠡᠯ | ᠬᠢᠬᠦ ᠠᠴᠠ᠂ ᠸᠠᠭᠠᠷ ᠱᠠᠭᠠᠵᠠᠩ ᠪᠣᠯᠪᠠᠰᠤᠷᠠᠭᠤᠯᠬᠤ᠂ ᠠᠮᠠᠰᠠᠷ ᠤᠨ ᠪᠠᠶᠢᠴᠠᠭᠠᠯᠲᠠ ᠬᠢᠬᠦ ᠬᠦᠷᠲᠡᠯ᠎ᠡ᠂ ᠳᠠᠬᠢᠨ | ᠴᠠᠬᠢᠯᠭᠠᠨ ᠭᠤᠣᠯ ᠢ ᠤᠭᠰᠠᠷᠠᠬᠤ ᠬᠦᠷᠲᠡᠯ᠎ᠡ᠂ ᠨᠢᠭᠡ ᠰᠢᠷᠢᠰ ᠠᠦ᠋ᠲ᠋ᠣᠴᠢᠯᠠᠭᠰᠠᠨ ᠶᠠᠪᠤᠴᠠ ᠪᠠᠷ ᠳᠠᠮᠵᠢᠨ᠂ ᠨᠢᠭᠡ | 100 ᠴᠠᠬᠢᠯᠭᠠᠨ ᠭᠤᠣᠯ ᠢᠶᠠᠷ ᠪᠦᠷᠢᠯᠳᠦᠭᠰᠡᠨ 48V ᠴᠠᠬᠢᠯᠭᠠᠨ ᠴᠡᠨᠡᠭ ᠤᠨ ᠪᠣᠭᠤᠯᠲᠠ ᠶᠢ ᠤᠭᠰᠠᠷᠠᠵᠤ | ᠳᠠᠭᠤᠰᠬᠠᠪᠠ᠃ ᠡᠶᠢᠮᠦᠷᠬᠦ ᠴᠠᠬᠢᠯᠭᠠᠨ ᠴᠡᠨᠡᠭ ᠤᠨ ᠪᠣᠭᠤᠳᠠᠯ ᠪᠣᠯ ᠨᠠᠲᠷᠢ ᠶᠢᠨ ᠴᠠᠬᠢᠯᠭᠠᠨ ᠴᠡᠨᠡᠭ ᠶᠢᠨ ᠴᠢᠬᠤᠯᠠ | ᠪᠦᠷᠢᠯᠳᠦᠬᠦᠨ ᠬᠡᠰᠡᠭ ᠪᠠᠶᠢᠵᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠠᠭᠤᠷᠬᠠᠢ ᠶᠢᠨ ᠲᠠᠯᠠᠪᠠᠢ ᠶᠢ ᠮᠠᠯᠲᠠᠬᠤ᠂ | ᠣᠩᠭᠤᠴᠠ ᠰᠠᠯ ᠲᠡᠭᠡᠭᠡᠪᠦᠷᠢᠯᠡᠬᠦ ᠵᠡᠷᠭᠡ ᠣᠯᠠᠨ ᠡᠨᠧᠷᠭᠢ ᠬᠠᠳᠠᠭᠠᠯᠠᠬᠤ ᠪᠠ ᠪᠡᠯᠡᠳᠬᠡᠯ ᠴᠠᠬᠢᠯᠭᠠᠨ ᠡᠭᠦᠰᠭᠡᠭᠴᠢ | ᠬᠦᠷᠲᠡᠯ᠎ᠡ ᠬᠡᠷᠡᠭᠯᠡᠵᠦ ᠪᠣᠯᠤᠨ᠎ᠠ᠃ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠮᠡᠷᠭᠡᠵᠢᠯ ᠳᠡᠭᠡᠨ | ᠲᠦᠰᠢᠭᠯᠡᠨ ᠪᠦᠬᠦ ᠪᠥᠮᠪᠥᠷᠴᠡᠭ ᠤᠨ ᠠᠩᠬᠠᠳᠠᠭᠴᠢ 720 V ᠥᠨᠳᠥᠷ ᠬᠦᠴᠦᠳᠡᠯᠲᠦ ᠨᠠᠲᠷᠢ ᠶᠢᠨ ᠴᠠᠬᠢᠯᠭᠠᠨ | ᠴᠡᠨᠡᠭ ᠭᠠᠷᠭᠠᠪᠠ᠃ ᠲᠤᠰ ᠴᠠᠬᠢᠯᠭᠠᠨ ᠴᠡᠨᠡᠭ ᠤᠯᠠᠮᠵᠢᠯᠠᠯᠲᠤ ᠯᠢᠲ᠋ᠢ ᠴᠠᠬᠢᠯᠭᠠᠨ ᠤ ᠠᠶᠤᠯ ᠦᠭᠡᠢ ᠶᠢᠨ | ᠴᠢᠳᠠᠮᠵᠢ ᠠᠴᠠ ᠬᠤᠯᠠ ᠬᠡᠲᠦᠷᠡᠵᠡᠢ᠃ ᠡᠭᠦᠨ ᠠᠴᠠ ᠭᠠᠳᠠᠨ᠎ᠠ᠂ ᠠᠵᠢᠯᠯᠠᠬᠤ ᠳᠤᠯᠠᠭᠠᠨ ᠤ ᠬᠡᠮᠵᠢᠶᠡᠨ ᠤ ᠵᠣᠬᠢᠴᠠᠬᠤ | ᠬᠡᠪᠴᠢᠶ᠎ᠡ ᠥᠷᠭᠡᠨ᠂ ᠲᠡᠭ ᠠᠴᠠ ᠳᠣᠷᠣᠭᠰᠢ 40 ᠭᠷᠠᠳᠦ᠋ᠰ ᠠᠴᠠ ᠲᠡᠭ ᠠᠴᠠ ᠳᠡᠭᠡᠭᠰᠢ 60 ᠭᠷᠠᠳᠦ᠋ᠰ ᠤᠨ | ᠬᠤᠭᠤᠷᠣᠨᠳᠣ ᠴᠥᠮ ᠬᠡᠪ ᠤᠨ ᠶᠣᠰᠣᠭᠠᠷ ᠠᠵᠢᠯᠯᠠᠵᠤ ᠪᠣᠯᠬᠤ ᠪᠥᠭᠡᠳ ᠡᠷᠭᠢᠯᠲᠡ ᠶᠢᠨ ᠠᠮᠢ ᠨᠠᠰᠤ ᠴᠤ ᠤᠷᠳᠤ᠂ | ᠡᠷᠭᠢᠯᠲᠡ ᠶᠢᠨ ᠲᠤᠭ᠎ᠠ ᠨᠢ 7000 ᠤᠳᠠᠭ᠎ᠠ ᠬᠦᠷᠳᠡᠭ᠃ | | | | | | ᠥᠪᠥᠷ ᠮᠣᠩᠭᠤᠯ ᠤᠨ ᠵᠢᠶᠠᠨ ᠾᠧᠩ ᠤᠣ ᠨᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠮᠡᠷᠭᠡᠵᠢᠯ ᠤᠨ ᠬᠡᠯᠲᠡᠰ ᠤᠨ ᠳᠡᠭᠡᠳᠦ ᠵᠡᠷᠭᠡ ᠶᠢᠨ ᠳᠠᠭᠠᠭᠠᠮᠠᠯ ᠪᠠᠢ ᠴᠢᠤᠸᠠᠨ᠄ ︽5 ᠳ᠋ᠤᠭᠠᠷ ᠰᠠᠷ᠎ᠠ ᠳᠤ | ᠪᠢᠳᠡ ᠨᠢᠭᠡᠨᠲᠡ ᠡᠳᠦᠷ ᠪᠦᠷᠢ 1000 ᠴᠠᠬᠢᠯᠭᠠᠨ ᠭᠤᠣᠯ ᠦᠢᠯᠡᠳᠪᠦᠷᠢᠯᠡᠬᠦ ᠴᠢᠳᠠᠪᠤᠷᠢ ᠶᠢ ᠪᠡᠶᠡᠯᠡᠭᠦᠯᠵᠦ᠂ 6 | ᠳ᠋ᠤᠭᠠᠷ ᠰᠠᠷ᠎ᠠ ᠳᠤ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ | ᠪᠦᠬᠦᠨ ᠢᠶᠠᠷ ᠢᠶᠠᠨ ᠪᠠᠶᠢᠭᠤᠯᠤᠭᠳᠠᠭᠰᠠᠨ ᠤ ᠳᠠᠷᠠᠭ᠎ᠠ᠂ ᠪᠥᠬᠦ ᠪᠥᠮᠪᠥᠷᠴᠡᠭ ᠤᠨ ᠠᠦ᠋ᠲ᠋ᠣᠴᠢᠯᠠᠭᠰᠠᠨ ᠬᠡᠮᠵᠢᠶ᠎ᠡ ᠪᠠᠷ | ᠬᠠᠮᠤᠭ ᠤᠨ ᠥᠨᠳᠥᠷ᠂ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠷᠢᠨ ᠪᠦᠲᠦᠨ 3GWh ᠨᠠᠲᠷᠢ ᠶᠢᠨ | ᠴᠠᠬᠢᠯᠭᠠᠨ ᠴᠡᠨᠡᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠵᠤ᠂ ᠵᠢᠱᠢᠯᠲᠡ ᠪᠠᠷ ᠵᠢᠯ ᠤᠨ ᠦᠢᠯᠡᠳᠬᠦᠨ ᠤ | ᠥᠷᠲᠡᠭ ᠨᠢ 60 ᠳ᠋ᠦᠩᠰᠢᠭᠤᠷ ᠲᠥᠭᠦᠷᠢᠭ ᠲᠤ ᠬᠦᠷᠦᠨ᠎ᠡ︾ ᠬᠡᠵᠡᠢ᠃ | |