ᠠᠶᠢᠮᠠᠭ ᠬᠤᠲᠠ ᠶᠢᠨ ᠬᠥᠳᠡᠯᠦᠩᠭᠦᠶ ᠪᠠᠶᠢᠳᠠᠯ — ᠪᠠᠶᠠᠨᠨᠠᠭᠤᠷ ᠬᠤᠲᠠ᠄ ᠤᠷᠠᠳ ᠤᠨ ᠬᠤᠶᠢᠲᠤ ᠬᠤᠰᠢᠭᠤ ᠵᠢᠯ ᠳᠤ 50 ᠲᠦᠮᠡᠨ ᠲᠣᠨ ᠬᠦᠷᠮᠡᠨ ᠴᠢᠯᠠᠭᠤᠯᠢᠭ ᠦᠢᠯᠡᠳᠪᠦᠷᠢᠯᠡᠬᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠲᠠᠢ ᠭᠡᠷ᠎ᠡ ᠲᠤᠭᠲᠠᠪᠠ
ᠨᠡᠶᠢᠲᠡᠯᠡᠭᠰᠡᠨ ᠴᠠᠭ᠄
2025/6/9
  6 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠯᠦ ᠵᠢᠩ ᠠᠯᠮᠠᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠲᠠᠢ ᠵᠢᠯ ᠳᠤ 50 ᠲᠦᠮᠡᠨ ᠲᠣᠨ ᠬᠦᠷᠮᠡᠨ ᠴᠢᠯᠠᠭᠤᠯᠢᠭ ᠤᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠢ ᠡᠾᠧᠩ᠂ ᠥᠪᠥᠷ ᠮᠣᠩᠭᠤᠯ ᠤᠨ ᠯᠦ ᠵᠢᠩ ᠠᠯᠮᠡᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠥ᠋ ᠵᠢᠩ ᠬᠤᠷᠠᠯ ᠳᠤ ᠣᠷᠣᠯᠴᠠᠭᠰᠠᠨ ᠪᠥᠭᠡᠳ ᠭᠡᠷ᠎ᠡ ᠲᠣᠭᠲᠠᠭᠰᠠᠨ ᠢ ᠭᠡᠷᠡᠴᠢᠯᠡᠪᠡ᠃
6.9-2.png
  ᠢ ᠡᠾᠧᠩ ᠲᠦᠷᠦᠯ ᠵᠦᠢᠯ ᠤᠨ ᠠᠮᠵᠢᠯᠲᠠ ᠲᠠᠢ ᠭᠡᠷ᠎ᠡ ᠲᠣᠭᠲᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ︽ᠮᠠᠨ ᠤ ᠬᠤᠰᠢᠭᠤᠨ ᠤ ᠬᠢᠯᠢ ᠳᠣᠲᠣᠷᠠᠬᠢ ᠬᠦᠷᠮᠡᠨ ᠴᠢᠯᠠᠭᠤᠯᠢᠭ ᠤᠨ ᠡᠬᠢ ᠪᠠᠶᠠᠯᠢᠭ ᠡᠯᠪᠡᠭ ᠳᠡᠯᠪᠡᠭ᠂ ᠵᠠᠮ ᠲᠡᠭᠡᠭᠡᠪᠦᠷᠢ᠂ ᠪᠠᠷᠢᠯᠭ᠎ᠠ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠬᠡᠷᠡᠭᠯᠡᠭᠡᠨ ᠤ ᠦᠵᠡᠭᠳᠡᠯ ᠮᠠᠰᠢ ᠥᠷᠭᠡᠨ ᠠᠭᠤᠳᠠᠮ ᠪᠠᠶᠢᠵᠤ᠂ ᠠᠵᠤ ᠠᠬᠤᠶ ᠶᠢᠨ ᠦᠷ᠎ᠡ ᠠᠰᠢᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠦᠨ᠎ᠡ ᠥᠷᠲᠡᠭ ᠲᠠᠢ ᠶᠤᠮ᠃ ᠬᠦᠷᠮᠡᠨ ᠴᠢᠯᠠᠭᠤᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠨᠢ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠨᠡᠶᠢᠴᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠦᠷᠮᠡᠨ ᠴᠢᠯᠠᠭᠤᠯᠢᠭ ᠤᠨ ᠰᠢᠷᠬᠡᠭ ᠵᠢᠴᠢ ᠨᠡᠶᠢᠯᠡᠮᠡᠯ ᠦᠢᠯᠡᠳᠭᠦᠨ ᠢ ᠣᠯᠠᠨ ᠲᠠᠯ᠎ᠠ ᠪᠠᠷ ᠬᠡᠪᠴᠢᠶᠡᠵᠢᠭᠦᠯᠦᠨ ᠬᠡᠷᠡᠭᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠤᠷᠠᠳ ᠤᠨ ᠬᠤᠶᠢᠲᠤ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠭᠦᠷ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠶ᠃ ᠬᠤᠰᠢᠭᠤᠨ ᠤ ᠨᠠᠮ ᠤᠨ ᠬᠤᠷᠢᠶ᠎ᠠ ᠪᠣᠯᠤᠨ ᠬᠤᠰᠢᠭᠤᠨ ᠤ ᠵᠠᠰᠠᠭ ᠤᠨ ᠣᠷᠳᠣᠨ ᠭᠠᠵᠠᠷ ᠰᠢᠷᠣᠶ᠂ ᠡᠨᠧᠷᠭᠢ᠂ ᠰᠠᠭᠤᠷᠢ ᠲᠥᠬᠦᠭᠡᠷᠦᠮᠵᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠰᠢᠯᠢᠳᠡᠭ ᠲᠥᠷᠥ ᠶᠢᠨ ᠪᠣᠳᠣᠯᠭ᠎ᠠ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠨ᠎ᠠ᠃  ᠭᠦ᠋ ᠵᠢᠩ᠂ ᠠᠵᠤ ᠠᠬᠤᠶᠢᠯᠠᠯ ᠤᠨ ᠲᠤᠰᠬᠠᠢ ᠮᠡᠷᠭᠡᠵᠢᠯ᠂ ᠮᠡᠷᠭᠡᠵᠢᠯ ᠪᠣᠯᠤᠨ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠲᠤᠰ ᠲᠦᠷᠦᠯ ᠵᠦᠢᠯ ᠢ ᠣᠷᠣᠨ ᠪᠦᠰᠡ ᠶᠢᠨ ᠪᠣᠬᠢᠷᠲᠤᠯ ᠦᠭᠡᠢ ᠠᠵᠤ ᠦᠢᠯᠡᠰ ᠤᠨ ᠬᠡᠪ ᠳᠠᠭᠤᠷᠢᠶᠠᠯ ᠪᠣᠯᠭᠠᠬᠤ ᠪᠠᠷ ᠴᠢᠷᠮᠠᠶᠢᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃  ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠴᠢᠩ ᠯᠠᠶ᠂ ᠥᠪᠥᠷ ᠮᠣᠩᠭᠤᠯ ᠤᠨ ᠯᠦ ᠵᠢᠩ ᠠᠯᠮᠡᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠭᠴᠢ ᠯᠢᠦ ᠶᠦᠩ ᠯᠢᠶᠠᠩ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠲᠥᠷᠥᠯ ᠵᠦᠢᠯ ᠤᠨ ᠭᠡᠷ᠎ᠡ ᠲᠣᠭᠲᠠᠪᠠ᠃  ᠣᠶᠢᠯᠠᠭᠠᠭᠰᠠᠨ ᠢᠶᠠᠷ᠂ ᠵᠢᠯ ᠳᠤ 50 ᠲᠦᠮᠡᠨ ᠲᠣᠨ ᠬᠦᠷᠮᠡᠨ ᠴᠢᠯᠠᠭᠤᠯᠢᠭ ᠦᠢᠯᠡᠳᠪᠦᠷᠢᠯᠡᠬᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠨᠡᠶᠢᠲᠡ 30 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠶᠡᠷᠦᠩᠬᠡᠶ ᠲᠠᠯᠠᠪᠠᠶ ᠨᠢ 600 ᠮᠥ ᠪᠠᠶᠢᠵᠤ᠂ 3 ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠷᠠᠳ ᠤᠨ ᠬᠤᠶᠢᠲᠤ ᠬᠤᠰᠢᠭᠤᠨ ᠤ ᠤᠯᠠᠮᠵᠢᠯᠠᠯᠲᠤ ᠡᠨᠧᠷᠭᠢ ᠶᠢᠨ ᠭᠠᠷᠭᠠᠯᠲᠠ ᠠᠴᠠ ᠪᠣᠬᠢᠷᠲᠤᠯ ᠥᠬᠡᠶ ᠥᠨᠳᠥᠷ ᠥᠷᠲᠡᠭᠲᠦ ᠮᠠᠲ᠋ᠧᠷᠢᠶᠠᠯ ᠤᠨ ᠠᠵᠤ ᠦᠢᠯᠡᠰ ᠲᠡᠶᠢᠰᠢ ᠬᠡᠯᠪᠡᠷᠢ ᠪᠠᠨ ᠬᠤᠪᠢᠷᠠᠭᠤᠯᠵᠤ᠂ ︽ᠪᠣᠬᠢᠷᠲᠤᠯ ᠥᠬᠡᠶ ᠴᠠᠬᠢᠯᠭᠠᠨ — ᠰᠢᠨ᠎ᠡ ᠮᠠᠲ᠋ᠧᠷᠢᠶᠠᠯ︾ ᠤᠨ ᠬᠤᠯᠪᠣᠯᠳᠤᠨ ᠬᠥᠭᠵᠢᠬᠦ ᠶᠢ ᠪᠡᠶᠡᠯᠡᠭᠦᠯᠦᠨ᠎ᠡ᠃ 
 
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号