6 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ | ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠯᠦ ᠵᠢᠩ ᠠᠯᠮᠠᠰ ᠤᠨ | ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠲᠠᠢ ᠵᠢᠯ ᠳᠤ 50 ᠲᠦᠮᠡᠨ ᠲᠣᠨ ᠬᠦᠷᠮᠡᠨ | ᠴᠢᠯᠠᠭᠤᠯᠢᠭ ᠤᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ | ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠢ ᠡᠾᠧᠩ᠂ ᠥᠪᠥᠷ ᠮᠣᠩᠭᠤᠯ ᠤᠨ ᠯᠦ ᠵᠢᠩ ᠠᠯᠮᠡᠰ ᠤᠨ | ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠥ᠋ ᠵᠢᠩ | ᠬᠤᠷᠠᠯ ᠳᠤ ᠣᠷᠣᠯᠴᠠᠭᠰᠠᠨ ᠪᠥᠭᠡᠳ ᠭᠡᠷ᠎ᠡ ᠲᠣᠭᠲᠠᠭᠰᠠᠨ ᠢ ᠭᠡᠷᠡᠴᠢᠯᠡᠪᠡ᠃ | | | | | | ᠢ ᠡᠾᠧᠩ ᠲᠦᠷᠦᠯ ᠵᠦᠢᠯ ᠤᠨ ᠠᠮᠵᠢᠯᠲᠠ ᠲᠠᠢ ᠭᠡᠷ᠎ᠡ ᠲᠣᠭᠲᠠᠭᠰᠠᠨ ᠳᠤ ᠪᠠᠶᠠᠷ ᠬᠦᠷᠭᠡᠵᠦ ᠪᠠᠶᠢᠬᠤ ᠪᠠᠨ | ᠢᠯᠡᠳᠬᠡᠪᠡ᠃ ᠲᠡᠷᠡ ᠬᠡᠯᠡᠬᠦ ᠳᠡᠭᠡᠨ᠂ ︽ᠮᠠᠨ ᠤ ᠬᠤᠰᠢᠭᠤᠨ ᠤ ᠬᠢᠯᠢ ᠳᠣᠲᠣᠷᠠᠬᠢ ᠬᠦᠷᠮᠡᠨ ᠴᠢᠯᠠᠭᠤᠯᠢᠭ ᠤᠨ ᠡᠬᠢ | ᠪᠠᠶᠠᠯᠢᠭ ᠡᠯᠪᠡᠭ ᠳᠡᠯᠪᠡᠭ᠂ ᠵᠠᠮ ᠲᠡᠭᠡᠭᠡᠪᠦᠷᠢ᠂ ᠪᠠᠷᠢᠯᠭ᠎ᠠ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ | ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠬᠡᠷᠡᠭᠯᠡᠭᠡᠨ ᠤ ᠦᠵᠡᠭᠳᠡᠯ ᠮᠠᠰᠢ ᠥᠷᠭᠡᠨ ᠠᠭᠤᠳᠠᠮ | ᠪᠠᠶᠢᠵᠤ᠂ ᠠᠵᠤ ᠠᠬᠤᠶ ᠶᠢᠨ ᠦᠷ᠎ᠡ ᠠᠰᠢᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ | ᠦᠵᠡᠭᠦᠯᠬᠦ ᠦᠨ᠎ᠡ ᠥᠷᠲᠡᠭ ᠲᠠᠢ ᠶᠤᠮ᠃ ᠬᠦᠷᠮᠡᠨ ᠴᠢᠯᠠᠭᠤᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠨᠢ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ | ᠨᠡᠶᠢᠴᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠭᠡᠷ᠎ᠡ | ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠦᠷᠮᠡᠨ ᠴᠢᠯᠠᠭᠤᠯᠢᠭ ᠤᠨ ᠰᠢᠷᠬᠡᠭ ᠵᠢᠴᠢ ᠨᠡᠶᠢᠯᠡᠮᠡᠯ ᠦᠢᠯᠡᠳᠭᠦᠨ ᠢ | ᠣᠯᠠᠨ ᠲᠠᠯ᠎ᠠ ᠪᠠᠷ ᠬᠡᠪᠴᠢᠶᠡᠵᠢᠭᠦᠯᠦᠨ ᠬᠡᠷᠡᠭᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠤᠷᠠᠳ ᠤᠨ ᠬᠤᠶᠢᠲᠤ | ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠭᠦᠷ ᠨᠡᠮᠡᠷᠢᠯᠡᠬᠦ ᠶᠢ ᠴᠢᠩ | ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠶ᠃ ᠬᠤᠰᠢᠭᠤᠨ ᠤ ᠨᠠᠮ ᠤᠨ ᠬᠤᠷᠢᠶ᠎ᠠ ᠪᠣᠯᠤᠨ ᠬᠤᠰᠢᠭᠤᠨ ᠤ | ᠵᠠᠰᠠᠭ ᠤᠨ ᠣᠷᠳᠣᠨ ᠭᠠᠵᠠᠷ ᠰᠢᠷᠣᠶ᠂ ᠡᠨᠧᠷᠭᠢ᠂ ᠰᠠᠭᠤᠷᠢ ᠲᠥᠬᠦᠭᠡᠷᠦᠮᠵᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠰᠢᠯᠢᠳᠡᠭ | ᠲᠥᠷᠥ ᠶᠢᠨ ᠪᠣᠳᠣᠯᠭ᠎ᠠ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠲᠥᠷᠥᠯ ᠵᠦᠢᠯ ᠢ ᠠᠬᠢᠭᠤᠯᠬᠤ ᠳᠤᠮᠳᠠ | ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠨ᠎ᠠ᠃ | ᠭᠦ᠋ ᠵᠢᠩ᠂ ᠠᠵᠤ ᠠᠬᠤᠶᠢᠯᠠᠯ ᠤᠨ ᠲᠤᠰᠬᠠᠢ ᠮᠡᠷᠭᠡᠵᠢᠯ᠂ ᠮᠡᠷᠭᠡᠵᠢᠯ ᠪᠣᠯᠤᠨ ᠴᠢᠳᠠᠪᠤᠷᠢᠲᠠᠨ ᠤ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠥᠨᠳᠥᠷ | ᠦᠷ᠎ᠡ ᠪᠦᠲᠦᠮᠵᠢᠲᠡᠢ ᠪᠠᠷ ᠠᠬᠢᠭᠤᠯᠵᠤ᠂ ᠲᠤᠰ ᠲᠦᠷᠦᠯ ᠵᠦᠢᠯ ᠢ ᠣᠷᠣᠨ ᠪᠦᠰᠡ ᠶᠢᠨ ᠪᠣᠬᠢᠷᠲᠤᠯ ᠦᠭᠡᠢ ᠠᠵᠤ | ᠦᠢᠯᠡᠰ ᠤᠨ ᠬᠡᠪ ᠳᠠᠭᠤᠷᠢᠶᠠᠯ ᠪᠣᠯᠭᠠᠬᠤ ᠪᠠᠷ ᠴᠢᠷᠮᠠᠶᠢᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ | ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ | ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠴᠢᠩ ᠯᠠᠶ᠂ | ᠥᠪᠥᠷ ᠮᠣᠩᠭᠤᠯ ᠤᠨ ᠯᠦ ᠵᠢᠩ ᠠᠯᠮᠡᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠵᠠᠬᠢᠷᠤᠭᠴᠢ ᠯᠢᠦ ᠶᠦᠩ ᠯᠢᠶᠠᠩ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠲᠥᠷᠥᠯ ᠵᠦᠢᠯ ᠤᠨ ᠭᠡᠷ᠎ᠡ | ᠲᠣᠭᠲᠠᠪᠠ᠃ | ᠣᠶᠢᠯᠠᠭᠠᠭᠰᠠᠨ ᠢᠶᠠᠷ᠂ ᠵᠢᠯ ᠳᠤ 50 ᠲᠦᠮᠡᠨ ᠲᠣᠨ ᠬᠦᠷᠮᠡᠨ ᠴᠢᠯᠠᠭᠤᠯᠢᠭ ᠦᠢᠯᠡᠳᠪᠦᠷᠢᠯᠡᠬᠦ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠨᠡᠶᠢᠲᠡ 30 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠶᠡᠷᠦᠩᠬᠡᠶ ᠲᠠᠯᠠᠪᠠᠶ ᠨᠢ 600 ᠮᠥ ᠪᠠᠶᠢᠵᠤ᠂ 3 | ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ | ᠳᠠᠷᠠᠭ᠎ᠠ᠂ ᠤᠷᠠᠳ ᠤᠨ ᠬᠤᠶᠢᠲᠤ ᠬᠤᠰᠢᠭᠤᠨ ᠤ ᠤᠯᠠᠮᠵᠢᠯᠠᠯᠲᠤ ᠡᠨᠧᠷᠭᠢ ᠶᠢᠨ ᠭᠠᠷᠭᠠᠯᠲᠠ ᠠᠴᠠ ᠪᠣᠬᠢᠷᠲᠤᠯ ᠥᠬᠡᠶ | ᠥᠨᠳᠥᠷ ᠥᠷᠲᠡᠭᠲᠦ ᠮᠠᠲ᠋ᠧᠷᠢᠶᠠᠯ ᠤᠨ ᠠᠵᠤ ᠦᠢᠯᠡᠰ ᠲᠡᠶᠢᠰᠢ ᠬᠡᠯᠪᠡᠷᠢ ᠪᠠᠨ ᠬᠤᠪᠢᠷᠠᠭᠤᠯᠵᠤ᠂ ︽ᠪᠣᠬᠢᠷᠲᠤᠯ ᠥᠬᠡᠶ | ᠴᠠᠬᠢᠯᠭᠠᠨ — ᠰᠢᠨ᠎ᠡ ᠮᠠᠲ᠋ᠧᠷᠢᠶᠠᠯ︾ ᠤᠨ ᠬᠤᠯᠪᠣᠯᠳᠤᠨ ᠬᠥᠭᠵᠢᠬᠦ ᠶᠢ ᠪᠡᠶᠡᠯᠡᠭᠦᠯᠦᠨ᠎ᠡ᠃ | |