ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠪᠦᠬᠦ ᠨᠠᠮ᠎ᠤᠨ ᠳᠣᠲᠣᠷ᠎ᠠ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠣᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠠᠰᠠᠭᠤᠳᠠᠯ᠎ᠢ ᠭᠦᠨᠵᠡᠭᠡᠢ ᠪᠠᠶ᠋ᠢᠴᠠᠭ᠋ᠠᠨ ᠴᠡᠭᠴᠡᠯᠡᠨ ᠰᠠᠶ᠋ᠢᠵᠢᠷᠠᠭᠤᠯᠵᠤ᠂ 《ᠦᠨᠳᠦᠰᠦᠨ ᠱᠠᠲᠤᠨ᠎ᠳᠤ ᠢᠯᠡᠷᠡᠵᠦ᠂ ᠦᠨᠳᠦᠰᠦ᠎ᠨᠢ ᠳᠡᠭᠡᠷ᠎ᠡ ᠳᠡᠰ᠎ᠲᠤ ᠪᠠᠶ᠋ᠢᠬᠤ》 ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠮᠠᠨ᠎ᠤ ᠲᠣᠪᠴᠢᠶᠠᠨ᠎ᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ ᠵᠢᠨ ᠲᠥᠯᠥᠭᠡ᠂ ᠤᠳᠤ ᠥᠷᠭᠡᠨ ᠤᠯᠠᠨ ᠲᠦᠮᠡᠨ ᠪᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠳᠤ ᠬᠠᠨᠳᠤᠭᠤᠯᠤᠨ ᠢᠯᠡ᠎ᠪᠠᠷ ᠰᠠᠨᠠᠯ ᠰᠠᠨᠠᠭᠤᠯᠭ᠎ᠠ ᠬᠤᠷᠢᠶᠠᠵᠤ ᠪᠠᠶ᠋ᠢᠨ᠎ᠠ᠃
ᠨᠢᠭᠡ᠂ ᠰᠠᠨᠠᠯ ᠬᠤᠷᠢᠶᠠᠬᠤ ᠠᠭᠤᠯᠭ᠎ᠠ
1 . ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠠᠰᠠᠭᠤᠳᠠᠯ᠎ᠤᠨ ᠲᠤᠬᠠᠢ᠂ ᠵᠢᠱ᠌ᠢᠶᠡᠯᠡᠪᠡᠯ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ 《ᠲᠦᠷᠪᠡᠨ ᠮᠠᠭᠤ ᠰᠤᠷᠲᠠᠯ》᠎ᠤᠨ ᠠᠰᠠᠭᠤᠳᠠᠯ ᠣᠷᠣᠰᠢᠵᠤ ᠪᠠᠶ᠋ᠢᠬᠤ ᠡᠰᠡᠬᠦ᠃
2 . ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠬᠦ ᠠᠷᠭ᠎ᠠ ᠬᠡᠯᠪᠡᠷᠢ᠂ ᠠᠭᠤᠯᠭ᠎ᠠ᠂ ᠦᠷ᠎ᠡ ᠪᠦᠲᠦᠮᠵᠢ ᠵᠡᠷᠭᠡ ᠲᠠᠯ᠎ᠠ᠎ᠪᠠᠷ᠎ᠬᠢ ᠰᠠᠨᠠᠯ ᠰᠠᠨᠠᠭᠤᠯᠭ᠎ᠠ ᠵᠢ ᠬᠡᠷᠬᠢᠨ ᠲᠠᠷᠢᠬᠢ ᠲᠣᠯᠣᠭ᠋ᠠᠶ᠎ᠳᠠᠭᠠᠨ ᠬᠠᠳᠠᠩᠰᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠣᠯᠣᠭᠰᠠᠨ ᠡᠰᠡᠬᠦ᠃
3. ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠷᠣᠨ ᠨᠤᠲᠤᠭ᠎ᠲᠤ ᠦᠢ᠍ᠯᠡᠴᠢᠯᠡᠬᠦ᠂ ᠨᠡᠶ᠋ᠢᠭᠡᠮ᠎ᠳᠤ ᠦᠢ᠍ᠯᠡᠴᠢᠯᠡᠬᠦ᠂ ᠠᠵᠤ ᠠᠬᠤᠶ᠋ᠢᠯᠠᠯ᠎ᠳᠤ ᠦᠢ᠍ᠯᠡᠴᠢᠯᠡᠬᠦ ᠶᠠᠪᠤᠴᠠ᠎ᠳᠤ ᠬᠡᠷᠬᠢᠨ ᠠᠵᠢᠯ᠎ᠤᠨ ᠰᠤᠷᠲᠠᠯ ᠵᠶ᠋ᠠᠨ ᠤᠯᠠᠮ ᠰᠠᠶ᠋ᠢᠵᠢᠷᠠᠭᠤᠯᠬᠤ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ᠂ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠲᠤᠬᠠᠶ ᠰᠠᠨᠠᠯ ᠰᠠᠨᠠᠭᠤᠯᠭ᠎ᠠ᠃
4 . ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ᠂ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤᠯᠤᠭᠠ ᠬᠣᠯᠪᠣᠭᠳᠠᠬᠤ ᠪᠤᠰᠤᠳ ᠰᠠᠨᠠᠯ ᠪᠠ ᠰᠠᠨᠠᠭᠤᠯᠭ᠎ᠠ᠃
ᠬᠣᠶᠠᠷ᠂ ᠰᠠᠨᠠᠯ ᠬᠤᠷᠢᠶᠠᠬᠤ ᠠᠷᠭ᠎ᠠ ᠮᠠᠶᠢᠭ
1 . ᠤᠲᠠᠰᠤ᠎ᠪᠠᠷ ᠬᠠᠷᠢᠭᠤ ᠲᠤᠰᠬᠠᠬᠤ᠄ 1559824399᠂ ᠠᠵᠢᠯᠯᠠᠬᠤ ᠡᠳᠦᠷ ᠪᠦᠲᠦᠨ ᠴᠠᠭ ᠵᠶ᠋ᠠᠷ ᠵᠠᠯᠭ᠋ᠠᠨ ᠰᠣᠨᠣᠰᠤᠨ᠎ᠠ᠃
2 . ᠢᠮᠧᠯ᠄ ᠢᠮᠧᠯ ᠢᠯᠡᠭᠡᠬᠦ᠎ᠳᠤ nmgtjjjgdw@163.com᠂ ᠢᠮᠧᠯ᠎ᠤᠨ ᠭᠤᠤᠯ ᠰᠡᠳᠦᠪ
ᠲᠡᠭᠡᠨ 《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠰᠠᠨᠠᠯ ᠬᠤᠷᠢᠶᠠᠬᠤ》 ᠵᠢ ᠲᠣᠳᠣᠷᠬᠠᠶ᠋ᠢᠯᠠᠭ᠋ᠠᠷᠠᠶ᠃
ᠭᠤᠷᠪᠠ᠂ ᠴᠠᠭ᠎ᠤᠨ ᠲᠤᠬᠢᠷᠠᠭᠤᠯᠤᠯᠳᠠ
ᠲᠣᠰ ᠵᠠᠬᠢᠳᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 2025 ᠣᠨ᠎ᠤ 7 ᠰᠠᠷ᠎ᠠ ᠵᠢᠨ 31᠎ᠤ ᠡᠳᠦᠷ ᠪᠣᠯᠲᠠᠯ᠎ᠠ᠃
ᠪᠢᠳᠡ ᠬᠦᠯᠢᠶᠡᠨ ᠠᠪᠤᠭᠰᠠᠨ ᠰᠠᠨᠠᠯ ᠪᠠ ᠰᠠᠨᠠᠭᠤᠯᠭ᠎ᠠ᠎ᠪᠠᠨ ᠬᠢᠨᠠᠮᠠᠭ᠋ᠠᠢ ᠡᠮᠬᠢᠯᠡᠨ ᠲᠢᠭᠯᠡᠵᠦ᠂ ᠵᠠᠳᠠᠯᠤᠨ ᠰᠤᠳᠤᠯᠬᠤ ᠵᠢᠨ ᠬᠠᠮᠲᠤ ᠲᠡᠭᠦᠨ ᠵᠶ᠋ᠠᠷ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠬᠤ᠂ ᠰᠤᠷᠲᠠᠯ᠎ᠤᠨ ᠪᠠᠶ᠋ᠢᠭᠤᠯᠤᠯᠲᠠ᠎ᠪᠠᠨ ᠴᠢᠩᠭ᠋ᠠᠳᠬᠠᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃ ᠡᠭᠦᠨ᠎ᠤ ᠬᠠᠮᠲᠤ᠂ ᠪᠢᠳᠡ ᠬᠠᠷᠢᠭᠤ ᠲᠤᠰᠬᠠᠭᠰᠠᠨ ᠬᠥᠮᠦᠨ᠎ᠤ ᠬᠤᠪᠢ ᠬᠥᠮᠦᠨ᠎ᠤ ᠮᠡᠳᠡᠭᠡ ᠵᠠᠩᠭᠢ ᠪᠠ ᠨᠢᠭᠤᠴᠠ ᠵᠢ ᠴᠢᠩᠭ᠎ᠠ ᠬᠠᠮᠠᠭ᠋ᠠᠯᠠᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶᠠᠨ᠎ᠤ ᠪᠠᠶ᠋ᠢᠭᠤᠯᠭ᠎ᠠ ᠵᠢᠨ ᠬᠣᠷᠢᠶ᠎ᠠ
2025 ᠣᠨ᠎ᠤ 5 ᠳ᠋ᠤᠭ᠋ᠠᠷ ᠰᠠᠷ᠎ᠠ ᠵᠢᠨ 15᠎ᠤ ᠡᠳᠦᠷ