ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠠᠵᠢᠯ᠎ᠤᠨ ᠪᠠᠶ᠋ᠢᠳᠠᠯ   -   ᠠᠯᠪᠠᠨ ᠨᠡᠶ᠋ᠢᠲᠡᠯᠡᠯ
《ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠲᠣᠭᠲᠠᠭ᠋ᠠᠯ》 ᠪᠣᠯᠤᠨ 《ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ᠎ᠢ ᠳᠠᠮᠵᠢᠭᠤᠯᠬᠤ᠎ᠨᠢ
ᠨᠡᠶ᠋ᠢᠲᠡᠯᠡᠭᠰᠡᠨ ᠴᠠᠭ᠄ 2025-06-20

ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠳᠭᠡᠯ ᠠᠩᠬᠢ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ (ᠲᠣᠪᠴᠢᠶ᠎ᠠ)᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠂ ᠲᠥᠪ᠎ᠤᠨ ᠡᠯ᠎ᠡ ᠠᠵᠤ ᠠᠬᠤᠶ᠋ᠢᠯᠠᠯ᠎ᠤᠨ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠡᠯ᠎ᠡ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠄
    ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ

ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠴᠢᠳᠠᠪᠤᠷᠢᠲᠠᠨ᠎ᠢ ᠦᠨᠡᠯᠡᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂ ᠲᠣᠭ᠎ᠠ ᠪᠦᠷᠢᠳᠬᠡᠯ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠠᠩ ᠰᠠᠶ᠋ᠢᠲᠤᠷ ᠵᠣᠬᠢᠴᠠᠭᠤᠯᠬᠤ ᠵᠢᠨ ᠲᠤᠰᠠᠳᠠ᠂ 《ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠵᠢᠯᠣᠭᠣᠳᠬᠤ ᠰᠠᠨᠠᠯ》 (ᠬᠥᠮᠦᠨ ᠨᠡᠶ᠋ᠢᠭᠡᠮ ᠶᠠᠮᠤᠨ ᠲᠠᠷᠬᠠᠭ᠋ᠠᠭᠰᠠᠨ  [2020]16 ᠳ᠋ᠤᠭ᠋ᠠᠷ ᠲᠣᠭ᠋ᠠᠲᠤ) ᠪᠠ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠲᠦᠷᠢᠮ ᠵᠡᠷᠭᠡ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠪᠢᠳᠡ 《ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠲᠣᠭᠲᠠᠭ᠋ᠠᠯ》 ᠪᠠ 《ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠪᠠ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
    ᠲᠤᠰ ᠮᠡᠳᠡᠭᠳᠡᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ 《〈ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ〉 ᠵᠢᠴᠢ ᠬᠡᠷᠡᠭᠵᠢᠭᠦᠯᠬᠦ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠂ ᠠᠵᠢᠯᠲᠠᠨ᠎ᠤ ᠶᠠᠮᠤᠨ᠎ᠤ ᠮᠡᠳᠡᠭᠳᠡᠯ》 (ᠲᠥᠷᠥ ᠲᠣᠭ᠎ᠠ ᠦᠰᠦᠭ 199546 ᠳ᠋ᠤᠭ᠋ᠠᠷ ᠲᠣᠭ᠋ᠠᠲᠤ)᠂ 《ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠵᠢᠨ ᠬᠢᠷᠢ ᠬᠡᠮ᠎ᠢ ᠦᠨᠡᠯᠡᠬᠦ ᠠᠷᠭ᠎ᠠ (ᠲᠤᠷᠰᠢᠨ ᠬᠡᠷᠡᠭᠵᠢᠭᠦᠯᠬᠦ) ᠵᠢ ᠳᠠᠷᠤᠮᠠᠯᠯᠠᠨ ᠶᠠᠪᠤᠭᠤᠯᠬᠤ ᠲᠤᠬᠠᠶ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠡᠳᠡᠭᠳᠡᠯ》 (ᠬᠥᠮᠦᠨ ᠨᠡᠶ᠋ᠢᠭᠡᠮ ᠶᠠᠮᠤᠨ ᠲᠠᠷᠬᠠᠭ᠋ᠠᠭᠰᠠᠨ [2011] 90 ᠳ᠋ᠤᠭᠡᠷ ᠲᠣᠭ᠋ᠠᠲᠤ)᠎ᠢ ᠬᠠᠮᠲᠤ᠎ᠳᠤᠨᠢ ᠬᠦᠴᠦᠨ ᠦᠭᠡᠶ ᠪᠣᠯᠭ᠋ᠠᠨ᠎ᠠ᠃


         ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠬᠥᠮᠦᠨ᠎ᠤ ᠬᠦᠴᠦᠨ᠎ᠤ

        ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ
                 2025 ᠣᠨ᠎ᠤ 3 ᠰᠠᠷ᠎ᠠ ᠵᠢᠨ 26᠎ᠤ ᠡᠳᠦᠷ


ᠳᠠᠭ᠋ᠠᠯᠳᠤᠭᠤᠯᠤᠯ   

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠨ ᠮᠡᠳᠡᠭᠦᠯᠬᠦ ᠠᠵᠢᠯ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠡᠳᠡᠭᠳᠡᠯ
2024 ᠣᠨ᠎ᠤ ᠳᠡᠭᠡᠳᠦ ᠵᠡᠷᠭᠡ ᠵᠢᠨ ᠪᠦᠷᠢᠳᠬᠡᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠷᠢ ᠲᠡᠩᠴᠡᠭᠦ ᠪᠠᠷᠢᠮᠵᠢᠶ᠎ᠠ ᠵᠢ ᠲᠣᠭᠲᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠲᠤᠰᠬᠠᠶ ᠮᠡᠷᠭᠡᠵᠢᠯ᠎ᠤᠨ ᠠᠵᠢᠯᠲᠠᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ᠎ᠢ ᠳᠠᠮᠵᠢᠭᠤᠯᠬᠤ᠎ᠨᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶᠠᠨ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠠᠩᠭᠢ ᠡᠷᠬᠢᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶᠠᠨ᠎ᠤ ᠳᠣᠯᠣᠳᠤᠭ᠋ᠠᠷ ᠤᠳᠠᠭ᠋ᠠᠨ᠎ᠤ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠢᠰᠬᠡᠯ᠎ᠤᠨ ᠪᠠᠭᠤᠳᠠᠯ᠎ᠤᠨ ᠵᠠᠷ ᠮᠡᠳᠡᠭᠡᠨ᠎ᠤ ᠤᠬᠠᠭᠤᠯᠭ᠎ᠠ᠎ᠳᠤ ᠳᠠᠩ ᠭᠠᠭᠴᠠ ᠢᠷᠡᠯᠲᠡ᠎ᠲᠠᠢ ᠬᠤᠳᠠᠯᠳᠤᠨ ᠠᠪᠬᠤ ᠠᠷᠭ᠎ᠠ ᠮᠠᠶᠢᠭ᠎ᠢ ᠬᠡᠷᠡᠭᠵᠢᠭᠦᠯᠬᠦ ᠠᠯᠪᠠᠨ ᠵᠠᠷᠯᠠᠯ
 
            